ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠥᠳᠡᠭᠡ ᠲᠣᠰᠬᠤᠨ ᠤ ᠬᠡᠪ ᠰᠤᠷᠲᠠᠯ ᠪᠣᠯᠪᠠᠰᠤᠨ ᠤ | ᠢᠯᠡᠷᠡᠯ ᠮᠥᠨ︔ ᠬᠥᠳᠡᠭᠡ ᠲᠣᠰᠬᠤᠨ ᠤ ᠪᠣᠯᠪᠠᠰᠤᠨ ᠬᠡᠪ ᠵᠠᠩᠰᠢᠯ ᠢ ᠥᠭᠡᠷᠡᠴᠢᠯᠡᠬᠦ ᠪᠣᠯ ᠵᠠᠩᠭᠢᠯᠠᠭ᠎ᠠ ᠪᠣᠯᠤᠨ᠎ᠠ᠃ | ᠣᠶᠢᠷ᠎ᠠ ᠶᠢᠨ ᠵᠢᠯ ᠠᠴᠠ᠂ ᠬᠤᠸᠠᠢ ᠱᠦᠸᠧ ᠪᠠᠯᠭᠠᠰᠤ ︽ᠶᠣᠰᠣ ᠰᠤᠷᠲᠠᠬᠤᠨ ᠤ ᠬᠤᠷᠠᠮᠳᠤᠯ ᠪᠠᠩᠬᠢ ᠶᠢ ᠰᠣᠯᠢᠬᠤ᠂ | ᠣᠳᠣᠨ ᠳᠡᠰ ᠤᠨ ᠪᠣᠯᠪᠠᠰᠤᠨ ᠡᠷᠦᠬᠡ ᠶᠢ ᠲᠠᠨᠢᠵᠤ ᠠᠪᠬᠤ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠠᠩ | ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ | ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠤᠶᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠠᠮᠢᠵᠢᠷᠠᠯ ᠤᠨ ᠬᠦᠴᠦᠨ ᠨᠡᠮᠡᠷᠢᠯᠡᠪᠡ᠃ | ᠶᠣᠰᠣ ᠰᠤᠷᠲᠠᠬᠤᠨ ᠤ ᠬᠤᠷᠠᠮᠳᠤᠯ ᠪᠠᠩᠬᠢ ᠰᠢᠨ᠎ᠡ ᠬᠡᠪ ᠰᠤᠷᠲᠠᠯ ᠢ ᠪᠣᠢ ᠪᠣᠯᠭᠠᠪᠠ᠃ | ᠲᠤᠬᠠᠢ ᠶᠢᠨ ᠦᠶ᠎ᠡ ᠳᠤ᠂ ᠬᠤᠸᠠᠢ ᠱᠦᠸᠧ ᠪᠠᠯᠭᠠᠰᠤᠨ ᠤ ᠡᠯ᠎ᠡ ᠲᠣᠰᠬᠤᠨ ᠤ ︽ᠶᠣᠰᠣ ᠰᠤᠷᠲᠠᠬᠤᠨ ᠤ | ᠪᠠᠩᠬᠢ︾ ᠶᠢᠨ ᠬᠤᠪᠢ ᠰᠣᠯᠢᠬᠤ ᠲᠤᠬᠠᠢ ᠶᠢᠨ ᠲᠠᠯᠠᠪᠠᠢ ᠳᠤ ᠬᠦᠷᠴᠦ᠂ ᠳᠥᠷᠪᠡᠳᠦᠭᠡᠷ ᠤᠯᠠᠷᠢᠯ ᠤᠨ ᠬᠤᠷᠠᠮᠳᠤᠯ | ᠬᠤᠪᠢ ᠰᠣᠯᠢᠬᠤ ᠠᠵᠢᠯᠯᠠᠭ᠎ᠠ ᠶᠠᠭ ᠬᠥᠭᠵᠢᠶᠡᠨᠲᠡᠢ ᠶᠠᠪᠤᠭᠳᠠᠵᠤ᠂ ᠨᠢᠳᠦ ᠳᠦᠭᠦᠷᠡᠩ ᠲᠠᠸᠠᠷ᠂ ᠲᠣᠳᠣᠷᠬᠠᠶᠢᠯᠠᠭᠰᠠᠨ | ᠲᠠᠸᠠᠷ ᠤᠨ ᠰᠣᠯᠢᠯᠴᠠᠭ᠎ᠠ ᠶᠢᠨ ᠬᠤᠷᠠᠮᠳᠤᠯ ᠬᠤᠪᠢ ᠨᠢᠳᠦᠨ ᠳᠤ ᠲᠣᠳᠣᠷᠠᠪᠠ᠃ ᠲᠣᠰᠬᠤᠨ ᠤ ᠠᠷᠠᠳ ᠣᠷᠭᠢᠯᠤᠮ᠎ᠠ | ᠬᠠᠯᠠᠭᠤᠨ ᠰᠡᠳᠬᠢᠯᠭᠡ ᠪᠠᠷ ᠪᠢᠯᠬᠠᠵᠤ᠂ ᠶᠣᠰᠣ ᠰᠤᠷᠲᠠᠬᠤᠨ ᠤ ᠪᠠᠩᠬᠢ ᠳᠤ ᠴᠤᠭᠯᠠᠷᠠᠵᠤ᠂ ᠥᠪᠡᠷ ᠤᠨ ᠬᠤᠪᠢ | ᠬᠤᠷᠠᠮᠳᠤᠭᠤᠯᠤᠯ ᠢᠶᠠᠨ ᠪᠠᠶᠢᠴᠠᠭᠠᠨ ᠦᠵᠡᠵᠦ᠂ ᠥᠪᠡᠷ ᠤᠨ ᠰᠡᠳᠬᠢᠯ ᠤᠨ ᠢᠶᠠᠨ ᠲᠠᠸᠠᠷ ᠢ ᠰᠣᠩᠭᠤᠵᠤ ᠪᠠᠶᠢᠪᠠ᠃ | ︽ᠮᠠᠨ ᠤ ᠭᠡᠷ ᠲᠤ ᠬᠡᠷᠡᠭᠯᠡᠭᠰᠡᠨ ᠬᠤᠪᠴᠠᠰᠤ ᠤᠬᠢᠶᠠᠬᠤ ᠰᠢᠩᠭᠡᠨ᠂ ᠠᠷᠢᠭᠤᠨ ᠴᠡᠪᠡᠷ ᠤᠨ ᠴᠠᠭᠠᠰᠤ᠂ ᠤᠰᠤᠨ | ᠴᠣᠮᠣ ᠶᠢᠨ ᠡᠳᠡᠭᠡᠷ ᠠᠮᠢᠳᠤᠷᠠᠯ ᠤᠨ ᠬᠡᠷᠡᠭᠰᠡᠯ ᠢ ᠴᠥᠮ ᠲᠣᠰᠬᠤᠨ ᠤ ᠶᠣᠰᠣ ᠰᠤᠷᠲᠠᠬᠤᠨ ᠤ ᠪᠠᠩᠬᠢ ᠳᠤ | ᠰᠣᠯᠢᠭᠰᠠᠨ ᠶᠤᠮ᠃ ᠡᠨᠡ ᠰᠠᠷ᠎ᠠ ᠳᠤ᠂ ᠪᠢ ᠲᠣᠰᠬᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠲᠠᠢ | ᠬᠠᠮᠲᠤ ᠲᠣᠰᠬᠤᠨ ᠤ ᠬᠦᠴᠢᠷᠳᠡᠯᠲᠡᠢ ᠨᠠᠰᠤᠲᠠᠨ ᠢ ᠡᠷᠭᠢᠨ ᠦᠵᠡᠵᠦ᠂ ᠲᠡᠳᠡᠨ ᠢ ᠬᠠᠪᠰᠤᠷᠤᠨ ᠠᠮᠢᠳᠤᠷᠠᠯ ᠤᠨ ᠡᠳ᠋ | ᠪᠣᠳᠠᠰ ᠢ ᠬᠤᠳᠠᠯᠳᠤᠨ ᠠᠪᠴᠤ ᠴᠥᠭᠡᠨ ᠪᠤᠰᠤ ᠬᠤᠪᠢ ᠬᠤᠷᠠᠮᠳᠤᠭᠤᠯᠵᠠᠢ᠃ ᠡᠩ ᠤᠨ ᠦᠶ᠎ᠡ ᠳᠤ ᠪᠢᠳᠡ ᠪᠠᠰᠠ | ᠲᠣᠰᠬᠤᠨ ᠤ ᠠᠷᠠᠳ ᠤᠨ ᠵᠥᠪᠯᠡᠯ ᠤᠨ ᠡᠯ᠎ᠡ ᠵᠦᠢᠯ ᠤᠨ ᠠᠵᠢᠯ ᠳᠤ ᠢᠳᠡᠪᠬᠢᠲᠡᠢ ᠬᠠᠮᠵᠢᠯᠴᠠᠵᠤ᠂ | ᠣᠯᠠᠨ ᠢᠶᠠᠷ ᠢᠶᠠᠨ ᠶᠠᠩᠭᠠᠷ ᠪᠥᠵᠢᠭᠯᠡᠵᠦ᠂ ᠤᠬᠠᠭᠤᠯᠤᠨ ᠲᠠᠶᠢᠯᠪᠤᠷᠢᠯᠠᠬᠤ ᠶᠢ ᠰᠣᠨᠣᠰᠬᠤ ᠪᠠᠷ ᠳᠠᠮᠵᠢᠭᠤᠯᠤᠨ ᠬᠤᠪᠢ | ᠣᠯᠵᠤ᠂ ᠳᠠᠷᠠᠭ᠎ᠠ ᠨᠢ ᠵᠣᠭᠤᠰ ᠰᠣᠯᠢᠬᠤ ᠳᠤ ᠨᠢᠭᠡᠳᠦᠯᠲᠡᠢ ᠣᠷᠣᠯᠴᠠᠵᠤ᠂ ᠣᠯᠠᠨ ᠢᠶᠠᠷ ᠢᠶᠠᠨ ᠲᠣᠰᠬᠤᠨ ᠤ | ᠱᠠᠲᠤᠨ ᠤ ᠬᠡᠷᠡᠭ ᠶᠠᠪᠤᠳᠠᠯ ᠳᠤ ᠣᠷᠣᠯᠴᠠᠬᠤ ᠢᠳᠡᠪᠬᠢᠵᠢᠯ ᠵᠢᠯ ᠳᠠᠷᠠᠭᠠᠯᠠᠨ ᠥᠷᠨᠢᠵᠦ ᠪᠠᠶᠢᠨ᠎ᠠ᠃ | ︽ᠶᠣᠰᠣ ᠰᠤᠷᠲᠠᠬᠤᠨ ᠤ ᠬᠤᠷᠠᠮᠳᠤᠯ ᠪᠠᠩᠬᠢ︾ ᠶᠢ ᠠᠵᠢᠯᠯᠠᠭᠤᠯᠤᠭᠰᠠᠨ ᠠᠴᠠ ᠨᠠᠰᠢ᠂ ᠬᠤᠸᠠᠢ ᠱᠦᠸᠧ | ᠪᠠᠯᠭᠠᠰᠤ ︽ᠶᠣᠰᠣ ᠰᠤᠷᠲᠠᠬᠤᠨ ᠤ ᠬᠤᠷᠠᠮᠳᠤᠯ ᠪᠠᠩᠬᠢ︾ ᠶᠢᠨ ᠪᠦᠲᠦᠭᠡᠨ ᠪᠠᠶᠢᠭᠤᠯᠤᠯᠲᠠ ᠶᠢ ᠨᠡᠶᠢᠭᠡᠮ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠰᠠᠷ᠎ᠠ ᠶᠢᠨ ᠬᠤᠪᠢ | ᠬᠤᠷᠠᠮᠳᠤᠭᠤᠯᠬᠤ᠂ ᠤᠯᠠᠷᠢᠯ ᠳᠤ ᠰᠣᠯᠢᠬᠤ ᠪᠠᠷ ᠳᠠᠮᠵᠢᠭᠤᠯᠵᠤ᠂ 67 ᠡᠷᠦᠬᠡ ᠶᠢᠨ ᠲᠣᠰᠬᠤᠨ ᠤ ᠠᠷᠠᠳ ᠲᠤ | ᠶᠣᠰᠣ ᠰᠤᠷᠲᠠᠬᠤᠨ ᠤ ᠬᠤᠷᠠᠮᠳᠤᠯ ᠬᠤᠪᠢ 3500 ᠭᠠᠷᠤᠢ ᠬᠤᠪᠢ ᠣᠯᠭᠤᠵᠤ᠂ ︽ᠮᠣᠷᠠᠯ︾ ᠲᠠᠢ ᠬᠥᠮᠦᠰ ᠤᠨ | ᠣᠷᠣᠯᠭ᠎ᠠ ᠲᠠᠢ ᠬᠤᠪᠢ ᠬᠤᠷᠠᠮᠳᠤᠭᠤᠯᠵᠤ ᠱᠠᠩᠨᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠤ | ᠲᠣᠰᠬᠤᠨ ᠤ ᠱᠠᠲᠤᠨ ᠤ ᠬᠡᠷᠡᠭ ᠶᠠᠪᠤᠳᠠᠯ᠂ ᠬᠥᠳᠡᠭᠡ ᠲᠣᠰᠬᠤᠨ ᠤ ᠵᠠᠰᠠᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠪᠦᠲᠦᠮᠵᠢᠲᠡᠢ ᠬᠥᠭᠵᠢᠭᠡᠵᠦ᠂ | ᠣᠳᠣᠬᠠᠨ ᠳᠤ ᠪᠦᠬᠦ ᠪᠠᠯᠭᠠᠰᠤᠨ ᠳᠤ ᠨᠢᠭᠡᠨᠲᠡ 1200 ᠭᠠᠷᠤᠢ ᠲᠥᠭᠦᠷᠢᠭ ᠤᠨ ᠡᠳ᠋ ᠪᠣᠳᠠᠰ ᠤᠨ ᠥᠷᠲᠡᠭ᠂ | 130 ᠠᠮᠢᠳᠤᠷᠠᠯ ᠤᠨ ᠬᠡᠷᠡᠭᠰᠡᠯ ᠢ ᠰᠣᠯᠢᠵᠤ ᠥᠭᠴᠡᠢ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠡᠯᠪᠡᠷᠢᠵᠢᠭᠦᠯᠬᠦ ᠮᠥᠷᠲᠡᠭᠡᠨ ᠪᠠᠰᠠ ᠰᠦᠭ | ᠰᠦᠨᠡᠰᠦ ᠶᠢ ᠱᠤᠭᠤᠬᠤ ᠬᠡᠷᠡᠭᠲᠡᠢ᠃ ᠬᠥᠳᠡᠭᠡ ᠲᠣᠰᠬᠤᠨ ᠤ ᠰᠤᠷᠲᠠᠯ ᠪᠣᠯᠪᠠᠰᠤᠨ ᠪᠣᠯ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠨᠢᠭᠡᠨ ᠭᠤᠣᠯ ᠠᠭᠤᠯᠭ᠎ᠠ ᠮᠥᠨ᠃ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ | ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡ ᠶᠢᠨ ᠶᠠᠪᠤᠴᠠ ᠳᠤ᠂ ᠬᠤᠸᠠᠢ ᠱᠦᠸᠧ ᠪᠠᠯᠭᠠᠰᠤ ︽ᠣᠳᠣᠨ | ᠳᠡᠰ ᠤᠨ ᠪᠣᠯᠪᠠᠰᠤᠨ ᠡᠷᠦᠬᠡ︾ ᠶᠢ ᠲᠠᠨᠢᠵᠤ ᠠᠪᠬᠤ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ︽ᠣᠳᠣᠨ | ᠳᠡᠰ ᠤᠨ ᠪᠣᠯᠪᠠᠰᠤᠨ ᠡᠷᠦᠬᠡ︾ ᠶᠢ ᠲᠠᠨᠢᠵᠤ ᠠᠪᠬᠤ ᠶᠢ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ | ᠬᠥᠭᠵᠢᠭᠡᠬᠦ᠂ ᠪᠣᠯᠪᠠᠰᠤᠨ ᠨᠤᠲᠤᠭ ᠤᠨ ᠰᠤᠷᠲᠠᠯ ᠢ ᠬᠠᠳᠠᠭᠠᠯᠠᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ︽ᠲᠠᠪᠤᠨ | ᠵᠦᠢᠯ ᠤᠨ ᠵᠥᠪ ᠣᠳᠣᠨ ᠣᠳᠣ︾᠂ ︽ᠲᠠᠪᠤᠨ ᠵᠦᠢᠯ ᠤᠨ ᠡᠰᠡᠷᠭᠦ ᠤᠳᠤᠨ︾ ᠢᠶᠠᠷ ᠳᠠᠮᠵᠢᠭᠤᠯᠤᠨ᠂ ᠬᠥᠳᠡᠭᠡ | ᠲᠣᠰᠬᠤᠨ ᠤ ᠬᠡᠪ ᠰᠤᠷᠲᠠᠯ ᠤᠨ ᠪᠣᠯᠪᠠᠰᠤᠨ ᠢ ︽ᠲᠣᠯᠢ︾ ᠪᠠᠷ ᠢᠷᠠᠭᠤ ᠠᠯᠳᠠᠷ ᠲᠠᠢ ᠪᠣᠯᠭᠠᠵᠤ᠂ ︽ᠣᠳᠣᠨ︾ | ᠢᠶᠠᠷ ᠢᠷᠠᠭᠤ ᠠᠯᠳᠠᠷ ᠪᠣᠯᠭᠠᠵᠤ᠂ ︽ᠣᠳᠣᠨ︾ ᠢ ᠦᠨᠡᠯᠡᠵᠦ᠂ ︽ᠣᠳᠣᠨ︾ ᠢ ᠳᠠᠭᠠᠭᠤᠯᠬᠤ ᠭᠦᠨ ᠵᠤᠵᠠᠭᠠᠨ | ᠠᠭᠤᠷ ᠠᠮᠢᠰᠬᠤᠯ ᠢ ᠪᠣᠢ ᠪᠣᠯᠭᠠᠵᠤ᠂ ᠲᠣᠰᠬᠤᠨ ᠤ ᠠᠷᠠᠳ ᠤᠨ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ ᠢ ᠳᠠᠶᠢᠴᠢᠯᠠᠵᠤ᠂ ᠨᠢᠭᠡ ᠨᠢᠭᠡ ᠵᠦᠢᠯ ᠤᠨ ᠡᠭᠡᠯ ᠵᠢᠷ ᠤᠨ ᠰᠠᠶᠢᠨ ᠠᠵᠢᠯᠯᠠᠭ᠎ᠠ ᠶᠠᠭ ᠬᠥᠳᠡᠭᠡ ᠲᠣᠰᠬᠤᠨ ᠤ | ᠴᠢᠳᠠᠮᠠᠭᠠᠢ ᠵᠠᠰᠠᠯᠲᠠ ᠶᠢᠨ ᠶᠡᠭᠡ ᠡᠨᠧᠷᠭᠢ ᠪᠣᠯᠭᠠᠵᠤ ᠪᠠᠶᠢᠨ᠎ᠠ᠃ | ᠣᠳᠣᠬᠠᠨ ᠳᠤ᠂ ᠪᠦᠬᠦ ᠪᠠᠯᠭᠠᠰᠤᠨ ᠤ 11 ᠲᠣᠰᠬᠤᠨ ᠤ ᠵᠥᠪᠯᠡᠯ ᠶᠠᠭ ︽ᠣᠳᠣᠨ ᠳᠡᠰ ᠤᠨ ᠪᠣᠯᠪᠠᠰᠤᠨ | ᠡᠷᠦᠬᠡ︾ ᠶᠢᠨ ᠫᠠᠶᠢᠰᠠ ᠣᠯᠭᠤᠬᠤ ᠠᠵᠢᠯᠯᠠᠭ᠎ᠠ ᠶᠢ ᠳᠠᠷᠠᠭᠠᠴᠢ ᠶᠢᠨ ᠠᠯᠬᠤᠮ ᠳᠤ᠂ ᠬᠤᠸᠠᠢ ᠱᠦᠸᠧ ᠪᠠᠯᠭᠠᠰᠤ | ᠦᠷᠭᠦᠯᠵᠢᠯᠡᠨ ︽ᠬᠤᠪᠢ ᠬᠤᠷᠠᠮᠳᠤᠭᠤᠯᠬᠤ ᠳᠦᠷᠢᠮ︾ ᠢᠶᠠᠷ ᠭᠠᠷᠳᠠᠴᠠ ᠪᠣᠯᠭᠠᠵᠤ᠂ ᠨᠡᠩ ᠣᠯᠠᠨ ᠲᠣᠰᠬᠤᠨ ᠤ | ᠠᠷᠠᠳ ᠤᠨ ᠵᠠᠩ ᠳᠠᠳᠬᠠᠯ ᠢ ᠥᠭᠡᠷᠡᠴᠢᠯᠡᠬᠦ ᠶᠢ ᠬᠥᠲᠥᠯᠥᠨ ᠳᠠᠭᠠᠭᠤᠯᠵᠤ᠂ ᠨᠠᠰᠤᠲᠠᠨ ᠢᠶᠠᠨ ᠠᠴᠢᠯᠠᠵᠤ ᠲᠥᠷᠥᠯ | ᠰᠠᠳᠤᠨ ᠢᠶᠠᠨ ᠬᠠᠶᠢᠷᠠᠯᠠᠬᠤ᠂ ᠲᠥᠪ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ᠂ ᠦᠨᠡᠨᠴᠢ ᠢᠲᠡᠭᠡᠮᠵᠢᠲᠡᠢ | ᠪᠠᠶᠢᠬᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠣᠷᠴᠢᠨ ᠲᠣᠭᠤᠷᠢᠨ ᠢ ᠬᠠᠶᠢᠷᠠᠯᠠᠬᠤ ᠵᠡᠷᠭᠡ ᠪᠠᠷ ᠬᠤᠪᠢ | ᠬᠤᠷᠠᠮᠳᠤᠭᠤᠯᠵᠤ ᠦᠨᠡᠯᠡᠨ ᠲᠣᠭᠲᠠᠭᠠᠬᠤ ᠴᠢᠬᠤᠯᠠ ᠦᠨᠳᠦᠰᠦᠯᠡᠯ ᠪᠣᠯᠭᠠᠵᠤ᠂ ︽ᠣᠳᠣᠨ︾ ᠢᠶᠠᠷ ᠢᠷᠠᠭᠤ | ᠠᠯᠳᠠᠷ ᠢᠶᠠᠨ ᠪᠣᠯᠭᠠᠬᠤ᠂ ︽ᠣᠳᠣᠨ︾ ᠳᠠᠪᠰᠢᠯᠲᠠ ᠲᠠᠢ ᠪᠦᠬᠦ ᠠᠷᠠᠳ ᠤᠨ ︽ᠣᠳᠣᠨ︾ ᠤ ᠥᠭᠡᠳᠡᠯᠡᠨ | ᠳᠠᠪᠰᠢᠬᠤ ᠠᠭᠤᠷ ᠠᠮᠢᠰᠬᠤᠯ ᠢ ᠪᠣᠢ ᠪᠣᠯᠭᠠᠵᠤ᠂ ︽ᠶᠣᠰᠣ ᠰᠤᠷᠲᠠᠬᠤᠨ ᠤ ᠪᠠᠩᠬᠢ︾ ︽ᠣᠳᠣᠨ ᠳᠡᠰ ᠤᠨ | ᠪᠣᠯᠪᠠᠰᠤᠨ ᠡᠷᠦᠬᠡ︾ ᠶᠢ ᠦᠨᠡᠨ ᠬᠦ ᠰᠣᠯᠢᠬᠤ᠂ ᠲᠠᠨᠢᠵᠤ ᠠᠪᠬᠤ ᠠᠵᠢᠯᠯᠠᠭ᠎ᠠ ᠶᠢ ᠦᠨᠡᠨ ᠬᠦ ᠣᠯᠠᠨ ᠲᠦᠮᠡᠨ ᠢ | ᠳᠠᠶᠢᠴᠢᠯᠠᠬᠤ᠂ ᠣᠯᠠᠨ ᠲᠦᠮᠡᠨ ᠢ ᠬᠥᠮᠦᠵᠢᠭᠦᠯᠬᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠣᠶᠤᠨ ᠤ | ᠪᠣᠯᠪᠠᠰᠤᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠬᠦᠴᠦᠲᠡᠢ ᠭᠠᠷᠳᠠᠴᠠ ᠪᠣᠯᠭᠠᠨ | ᠬᠤᠪᠢᠷᠠᠭᠤᠯᠤᠨ᠎ᠠ᠃ᠢᠳᠡᠪᠬᠢᠲᠡᠢ ᠥᠷᠨᠢᠭᠦᠯᠵᠦ᠂ 47 ᠲᠣᠰᠬᠤᠨ ᠤ ᠠᠷᠠᠳ ᠣᠳᠣᠨ ᠳᠡᠰ ᠤᠨ ᠡᠷᠦᠬᠡ ᠪᠣᠯᠵᠤ᠂ | ᠪᠣᠯᠪᠠᠰᠤᠨ ᠬᠥᠮᠦᠨ ᠪᠣᠯᠬᠤ ᠪᠠᠷ ᠴᠢᠷᠮᠠᠶᠢᠵᠤ ᠪᠠᠶᠢᠨ᠎ᠠ᠃ | |