12 ᠰᠠᠷ᠎ᠠ ᠶᠢᠨ 25 ᠤ ᠡᠳᠦᠷ᠂ ᠭᠦᠶᠡᠩ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠠᠪᠤᠳᠤᠭᠠᠷ | ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠪᠥᠬᠦ ᠰᠢᠶᠠᠨ ᠤ ᠡᠯ᠎ᠡ ᠠᠵᠢᠯ | ᠲᠥᠷᠥᠯ᠂ ᠡᠯ᠎ᠡ ᠹᠷᠣᠨᠲ ᠠᠴᠠ ᠢᠷᠡᠭᠰᠡᠨ 97 ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠥᠯᠥᠭᠡᠯᠡᠭᠴᠢ ᠨᠢᠭᠡ | ᠲᠠᠩᠬᠢᠮ ᠳᠤ ᠴᠤᠭᠯᠠᠷᠠᠵᠤ᠂ ᠢᠷᠡᠭᠡᠳᠦᠢ ᠶᠢᠨ ᠲᠠᠪᠤᠨ ᠵᠢᠯ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ | ᠦᠢᠯᠡᠰ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠯᠡᠪᠡ᠃ | ᠪᠤᠭᠤᠲᠤ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠡᠳ᠋ ᠳᠠᠷᠤᠭ᠎ᠠ ᠰᠣ᠋ ᠺᠠᠢ ᠹᠧᠩ᠂ ᠰᠢᠶᠠᠨ ᠤ | ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠦᠸᠧ ᠵᠢᠶᠠᠨ | ᠭᠤᠸᠠᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠵᠠᠩ ᠵᠢᠶᠠᠨ ᠭᠦᠸᠧ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠢᠦᠢ | ᠬᠤᠷᠠᠯ ᠳᠤ ᠣᠷᠣᠯᠴᠠᠵᠠᠢ᠃ ᠰᠢᠶᠠᠨ ᠤ ᠳᠡᠳ᠋ ᠳᠠᠷᠤᠭ᠎ᠠ ᠱᠧᠨ ᠢᠦᠢ ᠴᠢᠦ ᠬᠤᠷᠠᠯ ᠡᠷᠬᠢᠯᠡᠪᠡ᠃ | ᠬᠤᠷᠠᠯ ᠳᠡᠭᠡᠷ᠎ᠡ᠂ ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢ ᠣᠯᠠᠨ | ᠤᠯᠤᠰ ᠤᠨ ᠤᠯᠠᠭᠠᠨ ᠵᠠᠭᠠᠯᠮᠠᠶᠢᠲᠠᠨ ᠪᠣᠯᠤᠨ ᠤᠯᠠᠭᠠᠨ ᠰᠢᠨ᠎ᠡ ᠰᠠᠷ᠎ᠠ ᠶᠢᠨ ᠬᠥᠳᠡᠯᠭᠡᠭᠡᠨ ᠤ ᠦᠨᠳᠦᠰᠦᠨ ᠵᠠᠷᠴᠢᠮ ᠢ | ᠤᠩᠰᠢᠨ ᠨᠡᠶᠢᠲᠡᠯᠡᠵᠦ᠂ ᠭᠦᠶᠡᠩ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠠᠷᠢᠭᠤᠴᠠᠯᠭᠠᠲᠠᠨ ᠣᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢ ᠲᠥᠯᠥᠭᠡᠯᠡᠨ ᠶᠡᠭᠡ ᠬᠤᠷᠠᠯ ᠳᠤ ᠪᠠᠶᠠᠷ ᠤᠨ ᠦᠭᠡ ᠬᠡᠯᠡᠪᠡ᠃ | ᠪᠤᠭᠤᠲᠤ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠡᠳ᠋ ᠳᠠᠷᠤᠭ᠎ᠠ ᠰᠦ᠋ ᠺᠠᠢ ᠹᠧᠩ ᠪᠤᠭᠤᠲᠤ | ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢ ᠲᠥᠯᠥᠭᠡᠯᠡᠨ ᠶᠡᠭᠡ ᠬᠤᠷᠠᠯ ᠬᠤᠷᠠᠯᠳᠤᠭᠰᠠᠨ ᠳᠤ ᠪᠠᠶᠠᠷ | ᠬᠦᠷᠭᠡᠪᠡ᠃ ᠭᠦᠶᠡᠩ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠰᠢᠨ᠎ᠡ ᠴᠠᠭ ᠦᠶ᠎ᠡ ᠶᠢᠨ ᠤᠯᠠᠭᠠᠨ | ᠵᠠᠭᠠᠯᠮᠠᠶᠢᠲᠠᠨ ᠤ ᠠᠵᠢᠯ ᠤᠨ ᠰᠢᠨ᠎ᠡ ᠱᠠᠭᠠᠷᠳᠠᠯᠭ᠎ᠠ ᠪᠣᠯᠤᠨ ᠥᠷᠭᠡᠨ ᠣᠯᠠᠨ ᠠᠷᠠᠳ ᠲᠦᠮᠡᠨ ᠤ ᠨᠡᠶᠢᠭᠡᠮ ᠤᠨ | ᠪᠠᠲᠤᠯᠠᠭ᠎ᠠ ᠶᠢᠨ ᠬᠡᠷᠡᠭᠴᠡᠭᠡ ᠶᠢᠨ ᠲᠤᠬᠠᠢ ᠰᠢᠨ᠎ᠡ ᠬᠦᠰᠡᠯ ᠡᠷᠡᠮᠡᠯᠵᠡᠯ ᠢ ᠭᠦᠨᠵᠡᠭᠡᠢ ᠡᠵᠡᠮᠳᠡᠵᠦ᠂ ᠰᠢᠨ᠎ᠡ ᠪᠠᠶᠢᠳᠠᠯ | ᠳᠣᠣᠷ᠎ᠠ ᠤᠯᠠᠭᠠᠨ ᠵᠠᠭᠠᠯᠮᠠᠶᠢᠲᠠᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ | ᠤᠯᠠᠭᠠᠨ ᠵᠠᠭᠠᠯᠮᠠᠶᠢᠲᠠᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠬᠠᠷᠢᠭᠤᠴᠠᠯᠭᠠᠲᠤ ᠰᠡᠳᠬᠢᠯᠭᠡ ᠪᠣᠯᠤᠨ | ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠰᠢᠶᠠᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠭᠤᠣᠯ | ᠠᠵᠢᠯ ᠲᠠᠢ ᠨᠢᠭᠲᠠ ᠤᠶᠠᠯᠳᠤᠭᠤᠯᠤᠨ᠂ ᠠᠵᠠ ᠲᠣᠬᠢᠶᠠᠯ ᠢ ᠡᠵᠡᠮᠳᠡᠵᠦ᠂ ᠶᠡᠭᠡ ᠲᠠᠯ᠎ᠠ ᠳᠤ ᠠᠭᠤᠰᠤᠯᠴᠠᠨ᠂ | ᠪᠦᠲᠦᠮᠵᠢᠲᠡᠢ ᠠᠵᠢᠯᠯᠠᠵᠤ᠂ ᠭᠠᠮᠰᠢᠭ ᠠᠴᠠ ᠠᠪᠤᠷᠠᠬᠤ᠂ ᠠᠪᠤᠷᠠᠨ ᠲᠤᠰᠠᠯᠠᠬᠤ᠂ ᠠᠪᠤᠷᠠᠨ ᠲᠤᠰᠠᠯᠠᠬᠤ ᠵᠡᠷᠭᠡ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠠᠮᠤᠭ ᠠᠴᠠ ᠬᠠᠯᠠᠮᠵᠢᠯᠠᠬᠤ ᠴᠢᠬᠤᠯᠠᠲᠠᠢ ᠬᠦᠴᠢᠷᠳᠡᠯᠲᠡᠢ | ᠬᠠᠮᠲᠤᠯᠢᠭ ᠲᠤ ᠦᠢᠯᠡᠴᠢᠯᠡᠵᠦ᠂ ᠬᠠᠮᠤᠭ ᠤᠨ ᠠᠮᠠᠷᠬᠠᠨ ᠬᠤᠬᠢᠷᠠᠯ ᠠᠮᠰᠠᠬᠤ ᠬᠠᠮᠲᠤᠯᠢᠭ ᠤᠨ ᠪᠠᠶᠢᠳᠠᠯ ᠢ ᠴᠢᠷᠮᠠᠶᠢᠨ | ᠰᠠᠶᠢᠵᠢᠷᠠᠭᠤᠯᠵᠤ᠂ ᠬᠥᠮᠦᠯᠢᠭ ᠦᠵᠡᠯ ᠤᠨ ᠠᠪᠤᠷᠠᠨ ᠲᠤᠰᠠᠯᠠᠬᠤ ᠬᠦᠷᠢᠶᠡᠨ ᠳᠠᠬᠢ ᠬᠥᠭᠦᠷᠭᠡ ᠬᠤᠯᠪᠣᠭᠠᠰᠤ ᠪᠣᠯᠤᠨ | ᠬᠠᠪᠰᠤᠷᠤᠭᠴᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠬᠤ ᠶᠢ ᠬᠦᠰᠡᠵᠦ ᠪᠠᠶᠢᠨ᠎ᠠ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠭᠦᠸᠧ ᠵᠢᠶᠠᠨ ᠭᠤᠸᠠᠩ ᠵᠢᠭᠠᠵᠤ ᠭᠠᠷᠭᠠᠭᠰᠠᠨ ᠨᠢ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠪᠠ ᠤᠯᠠᠭᠠᠨ ᠵᠠᠭᠠᠯᠮᠠᠶᠢᠲᠠᠨ ᠤ ᠦᠢᠯᠡᠰ ᠤᠨ | ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠰᠢᠶᠠᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠭᠦᠶᠡᠩ ᠰᠢᠶᠠᠨ ᠤ ᠤᠯᠠᠭᠠᠨ ᠵᠠᠭᠠᠯᠮᠠᠶᠢᠲᠠᠨ ᠤ | ᠦᠢᠯᠡᠰ ᠤᠨ ᠬᠥᠭᠵᠢᠯᠲᠡ ᠶᠢᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠬᠤ | ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ ᠢ ᠦᠨᠡᠨ ᠬᠦ | ᠴᠢᠩᠭᠠᠳᠬᠠᠵᠤ᠂ ︽ᠭᠤᠷᠪᠠ ᠶᠢ ᠠᠪᠤᠷᠠᠵᠤ ᠭᠤᠷᠪᠠ ᠶᠢ ᠬᠠᠨᠳᠢᠪᠯᠠᠬᠤ︾ ᠠᠵᠢᠯ ᠢ ᠴᠢᠩᠭᠠᠳᠬᠠᠵᠤ᠂ ᠬᠥᠮᠦᠯᠢᠭ | ᠦᠵᠡᠯ ᠤᠨ ᠬᠦᠷᠢᠶᠡᠨ ᠤ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠶᠢᠨ ᠦᠢᠯᠡᠳᠦᠯ ᠢ | ᠰᠠᠶᠢᠲᠤᠷ ᠪᠠᠳᠠᠷᠠᠭᠤᠯᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ᠂ | ︽ᠤᠯᠠᠭᠠᠨ ᠵᠠᠭᠠᠯᠮᠠᠶᠢᠲᠠᠨ ᠤ ︿ᠠᠪᠤᠷᠠᠬᠤ﹀᠂ ︽ᠤᠯᠠᠭᠠᠨ ᠵᠠᠭᠠᠯᠮᠠᠶᠢᠲᠠᠨ ᠤ ᠭᠡᠷᠡᠯ ᠭᠡᠭᠡ ᠶᠢᠨ ᠠᠶᠠᠯᠠᠯ︾ ᠵᠡᠷᠭᠡ | ᠤᠯᠠᠭᠠᠨ ᠵᠠᠭᠠᠯᠮᠠᠶᠢᠲᠠᠨ ᠤ ᠲᠦᠷᠦᠯ ᠲᠡᠮᠳᠡᠭ ᠢ ᠰᠠᠶᠢᠲᠤᠷ ᠡᠭᠦᠳᠴᠦ᠂ ︽ᠲᠦᠭᠡᠮᠡᠯ ᠬᠠᠶᠢᠷ᠎ᠠ ᠶᠢᠨ ᠭᠡᠷ ᠣᠷᠣᠨ︾ ᠢ | ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠨᠡᠶᠢᠭᠡᠮ | ᠲᠣᠭᠤᠷᠢᠭ ᠤᠨ ᠵᠠᠰᠠᠯᠲᠠ ᠳᠤ ᠬᠦᠴᠦᠨ ᠨᠡᠮᠡᠷᠢᠯᠡᠬᠦ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠦᠨᠳᠦᠰᠦᠨ ᠱᠠᠲᠤᠨ ᠤ ᠵᠢᠭᠰᠠᠭᠠᠯ ᠤᠨ ᠭᠠᠵᠠᠷ ᠤᠨ ᠦᠢᠯᠡᠴᠢᠯᠡᠭᠡᠨ ᠤ ᠴᠢᠳᠠᠪᠬᠢ ᠶᠢ | ᠴᠢᠩᠭᠠᠳᠬᠠᠵᠤ᠂ ᠬᠢᠵᠠᠭᠠᠷᠯᠠᠯ ᠬᠢᠨᠠᠯᠲᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠭᠠᠨ ᠵᠠᠭᠠᠯᠮᠠᠶᠢᠲᠠᠨ ᠤ ᠬᠥᠮᠦᠯᠢᠭ | ᠦᠢᠯᠡᠴᠢᠯᠡᠭᠡ ᠶᠢ ᠦᠨᠳᠦᠰᠦᠨ ᠱᠠᠲᠤᠨ ᠳᠤ ᠦᠨᠳᠦᠰᠦᠯᠡᠵᠦ᠂ ᠣᠯᠠᠨ ᠲᠦᠮᠡᠨ ᠳᠤ ᠦᠢᠯᠡᠴᠢᠯᠡᠬᠦ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠶᠡᠭᠡ ᠬᠤᠷᠠᠯ ᠠᠴᠠ ︽ᠭᠦᠶᠡᠩ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠥᠷᠪᠡᠳᠦᠭᠡᠷ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢᠨ | ᠲᠥᠰᠦᠯ︾᠂ ︽ᠭᠦᠶᠡᠩ ᠰᠢᠶᠠᠨ ᠤ ᠤᠯᠠᠭᠠᠨ ᠵᠠᠭᠠᠯᠮᠠᠶᠢᠲᠠᠨ ᠤ ᠦᠢᠯᠡᠰ ᠤᠨ 2025- 2029 ᠣᠨ ᠤ | ᠬᠥᠭᠵᠢᠯᠲᠡ ᠶᠢᠨ ᠲᠥᠯᠥᠪᠵᠢᠭᠦᠯᠭᠡ ᠶᠢᠨ ᠰᠢᠢᠳᠪᠦᠷᠢ ᠶᠢᠨ ᠲᠥᠰᠦᠯ︾᠂ ︽ᠭᠦᠶᠡᠩ ᠰᠢᠶᠠᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ 2019 - 2023 ᠣᠨ ᠤ ᠵᠣᠭᠤᠰ ᠮᠥᠩᠭᠦ ᠡᠳ᠋ ᠪᠣᠳᠠᠰ ᠤᠨ ᠣᠷᠣᠯᠭ᠎ᠠ | ᠵᠠᠷᠤᠯᠭ᠎ᠠ ᠶᠢᠨ ᠪᠠᠶᠢᠳᠠᠯ ᠤᠨ ᠮᠡᠳᠡᠭᠦᠯᠦᠯᠲᠡ ᠶᠢᠨ ᠰᠢᠢᠳᠪᠦᠷᠢ ᠶᠢᠨ ᠲᠥᠰᠦᠯ︾᠂ ︽ᠭᠦᠶᠡᠩ ᠰᠢᠶᠠᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠢᠨᠠᠭᠴᠢᠳ ᠤᠨ ᠵᠥᠪᠯᠡᠯ ᠤᠨ ᠠᠵᠢᠯ ᠤᠨ | ᠮᠡᠳᠡᠭᠦᠯᠦᠯᠲᠡ ᠶᠢᠨ ᠰᠢᠢᠳᠪᠦᠷᠢ ᠶᠢᠨ ᠲᠥᠰᠦᠯ︾ ᠢ ᠬᠢᠨᠠᠨ ᠵᠥᠪᠯᠡᠵᠦ ᠪᠠᠲᠤᠯᠠᠪᠠ᠃ ᠶᠡᠭᠡ ᠬᠤᠷᠠᠯ ᠠᠴᠠ ᠨᠢᠭᠤᠴᠠ | ᠰᠣᠩᠭᠤᠭᠤᠯᠢ ᠶᠢᠨ ᠠᠷᠭ᠎ᠠ ᠪᠠᠷ ᠭᠦᠶᠡᠩ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠠᠪᠤᠳᠤᠭᠠᠷ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ 37 ᠬᠥᠮᠦᠨ᠂ ᠬᠤᠶᠠᠳᠤᠭᠠᠷ | ᠬᠤᠭᠤᠴᠠᠭᠠᠨ ᠤ ᠬᠢᠨᠠᠭᠴᠢᠳ ᠤᠨ ᠵᠥᠪᠯᠡᠯ ᠤᠨ ᠬᠢᠨᠠᠯᠲᠠ ᠲᠠᠯᠪᠢᠭᠴᠢ 5 ᠬᠥᠮᠦᠨ ᠢ ᠰᠣᠩᠭᠤᠨ ᠭᠠᠷᠭᠠᠪᠠ᠃ | ᠱᠧᠨ ᠢᠦᠢ ᠴᠢᠦ ᠭᠦᠶᠡᠩ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠠᠪᠤᠳᠤᠭᠠᠷ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠠᠷᠤᠭ᠎ᠠ ᠪᠠᠷ ᠰᠣᠩᠭᠤᠭᠳᠠᠪᠠ᠃ ᠲᠡᠷᠡ᠂ ᠰᠢᠶᠠᠨ ᠤ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠶᠡᠷᠦᠩᠬᠡᠢ ᠱᠦᠵᠢ ᠰᠢ ᠶᠢᠨ ᠫᠢᠩ ᠤᠨ ᠣᠯᠠᠨ ᠲᠦᠮᠡᠨ ᠤ ᠪᠦᠯᠬᠦᠮ ᠤᠨ | ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠤᠯᠠᠭᠠᠨ ᠵᠠᠭᠠᠯᠮᠠᠶᠢᠲᠠᠨ ᠤ ᠦᠢᠯᠡᠰ ᠤᠨ ᠲᠤᠬᠠᠢ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ | ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠭᠦᠶᠡᠩ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠪᠡᠶ᠎ᠡ ᠶᠢᠨ | ᠳᠠᠪᠠᠭᠤᠯᠢᠭ ᠢᠶᠠᠨ ᠪᠠᠳᠠᠷᠠᠭᠤᠯᠵᠤ᠂ ᠭᠦᠶᠡᠩ ᠤᠨ ᠤᠯᠠᠭᠠᠨ ᠵᠠᠭᠠᠯᠮᠠᠶᠢᠲᠠᠨ ᠤ ᠦᠢᠯᠡᠰ ᠤᠨ ᠬᠥᠭᠵᠢᠯᠲᠡ ᠳᠤ ᠨᠡᠩ | ᠬᠦᠴᠦᠯᠡᠨ ᠴᠢᠷᠮᠠᠶᠢᠵᠤ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠤᠨ ᠭᠤᠣᠯ ᠠᠷᠭ᠎ᠠ ᠵᠠᠮ ᠤᠨ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠥᠮᠦᠯᠢᠭ ᠦᠵᠡᠯ ᠤᠨ ᠦᠢᠯᠡᠴᠢᠯᠡᠭᠡᠨ ᠤ ᠨᠡᠶᠢᠭᠡᠮ ᠤᠨ ᠣᠯᠠᠨ ᠢ | ᠢᠲᠡᠭᠡᠭᠦᠯᠬᠦ ᠬᠦᠴᠦᠨ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠪᠠ ᠵᠠᠰᠠᠭ ᠤᠨ | ᠣᠷᠳᠣᠨ ᠬᠢᠭᠡᠳ ᠣᠯᠠᠨ ᠲᠦᠮᠡᠨ ᠤ ᠬᠥᠮᠦᠯᠢᠭ ᠦᠵᠡᠯ ᠤᠨ ᠬᠦᠷᠢᠶᠡᠨ ᠳᠠᠬᠢ ︽ᠰᠡᠳᠬᠢᠯ ᠤᠨ ᠬᠥᠭᠦᠷᠭᠡ︾ ᠶᠢ | ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ ᠨᠡᠶᠢᠭᠡᠮ ᠳᠤ ᠢᠯᠡ ᠲᠣᠳᠣ᠂ ᠲᠥᠷᠥᠭᠳᠡᠯ ᠲᠠᠢ᠂ ᠪᠦᠲᠦᠮᠵᠢᠲᠡᠢ ᠬᠥᠮᠦᠯᠢᠭ | ᠦᠵᠡᠯ ᠤᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠢᠯᠡᠳᠬᠡᠪᠡ᠃ |