12 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠶᠣᠣ ᠵᠢᠶᠦ᠋ᠨ ᠵᠢᠶᠧ ᠭᠦᠶᠡᠩ | ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠡ ᠶᠢᠨ 108 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ | ᠬᠤᠷᠠᠯ ᠵᠢᠴᠢ 2024 ᠣᠨ ᠤ ᠰᠢᠶᠠᠨ ᠤ ᠨᠠᠮ ᠤᠨ ᠬᠤᠷᠢᠶ᠎ᠡ ᠶᠢᠨ ᠰᠢᠭᠤᠳ ᠬᠠᠷᠢᠶ᠎ᠠ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ | ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠡᠷᠬᠢᠯᠡᠨ ᠬᠤᠷᠠᠯᠳᠤᠭᠤᠯᠪᠠ᠃ ᠡᠯ᠎ᠡ ᠪᠠᠯᠭᠠᠰᠤᠨ ᠤ ᠨᠠᠮ ᠤᠨ | ᠬᠤᠷᠢᠶ᠎ᠡ ᠶᠢᠨ ᠱᠦᠵᠢ᠂ ᠪᠤᠭᠤᠲᠤ ᠶᠢᠨ ᠵᠢᠨᠱᠠᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ | ᠠᠵᠢᠯᠯᠠᠬᠤ ᠬᠤᠷᠢᠶ᠎ᠡ ᠶᠢᠨ ᠱᠦᠵᠢ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠠᠵᠢᠯᠯᠠᠬᠤ ᠬᠤᠷᠢᠶ᠎ᠡ ᠶᠢᠨ | ᠳᠡᠳ᠋ ᠱᠦᠵᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠠᠵᠢᠯᠯᠠᠬᠤ ᠬᠤᠷᠢᠶ᠎ᠡ ᠶᠢᠨ ᠱᠦᠵᠢ | 2024 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ | ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠢ ᠶᠢᠨ ᠲᠠᠯᠠᠪᠠᠢ ᠳᠤ ᠦᠨᠡᠯᠡᠯᠲᠡ ᠬᠢᠵᠡᠢ᠃ ᠬᠤᠲᠠ ᠶᠢᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠬᠤᠶᠠᠳᠤᠭᠠᠷ ᠰᠠᠯᠠᠭᠠᠨ ᠤ ᠳᠠᠷᠤᠭ᠎ᠠ ᠾᠧ | ᠶᠠᠨ ᠷᠦᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠬᠤᠷᠠᠯ ᠳᠡᠭᠡᠷ᠎ᠡ᠂ ᠶᠣᠣ ᠵᠢᠶᠦ᠋ᠨ ᠵᠢᠶᠧ ᠣᠯᠠᠨ ᠤ ᠲᠤᠰᠢᠶᠠᠯ ᠤᠨ ᠮᠡᠳᠡᠭᠦᠯᠦᠯᠲᠡ ᠶᠢ ᠨᠢᠭᠡᠳ ᠨᠢᠭᠡ ᠪᠠᠷ | ᠦᠨᠡᠯᠡᠵᠦ᠂ ᠠᠮᠵᠢᠯᠲᠠ ᠪᠠᠨ ᠨᠤᠲᠠᠯᠠᠭᠰᠠᠨ ᠮᠥᠷᠲᠡᠭᠡᠨ ᠪᠠᠰᠠ ᠠᠰᠠᠭᠤᠳᠠᠯ ᠢ ᠵᠢᠭᠠᠨ ᠭᠠᠷᠭᠠᠵᠤ᠂ ᠱᠠᠭᠠᠷᠳᠠᠯᠭ᠎ᠠ | ᠳᠤᠷᠠᠳᠴᠠᠢ᠃ ᠰᠢᠶᠠᠨ ᠤ ᠤᠳᠤᠷᠢᠳᠤᠯᠭ᠎ᠠ ᠸᠠᠩ ᠰᠢᠶᠠᠩ ᠯᠢᠨ᠂ ᠵᠤᠤ ᠯᠧᠢ᠂ ᠽᠧᠩ ᠪᠦᠸᠧ᠂ ᠭᠤᠤ ᠵᠢᠶᠦ᠋ᠨ | ᠶᠡᠷᠦᠩᠬᠡᠶᠢᠯᠡᠭᠰᠡᠨ ᠦᠨᠡᠯᠡᠯᠲᠡ ᠬᠢᠪᠡ᠃ | ᠶᠣᠣ ᠵᠢᠶᠦ᠋ᠨ ᠵᠢᠶᠧ ᠢᠯᠡᠷᠬᠡᠶᠢᠯᠡᠬᠦ ᠳᠡᠭᠡᠨ᠂ ᠡᠨᠡ ᠵᠢᠯ ᠠᠴᠠ ᠨᠠᠰᠢ᠂ ᠪᠥᠬᠦ ᠰᠢᠶᠠᠨ ᠤ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ | ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | ᠠᠯᠢ ᠣᠯᠠᠨ ᠣᠨᠴᠠᠯᠢᠭ ᠲᠠᠢ ᠭᠢᠯᠠᠰ ᠴᠡᠭ ᠲᠠᠢ ᠠᠵᠢᠯ ᠬᠢᠵᠡᠢ᠃ ᠠᠮᠵᠢᠯᠲᠠ ᠪᠦᠲᠦᠮᠵᠢ ᠶᠢ ᠠᠳᠬᠤᠵᠤ ᠪᠣᠯᠬᠤ | ᠮᠥᠷᠲᠡᠭᠡᠨ ᠪᠠᠰᠠ ᠣᠳᠣᠬᠠᠨ ᠤ ᠪᠥᠬᠦ ᠰᠢᠶᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ | ᠮᠥᠨ ᠮᠠᠰᠢ ᠣᠯᠠᠨ ᠴᠢᠩᠭᠠᠳᠬᠠᠨ ᠰᠠᠶᠢᠵᠢᠷᠠᠭᠤᠯᠬᠤ ᠴᠢᠬᠤᠯᠠᠲᠠᠢ ᠭᠠᠵᠠᠷ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ | ᠬᠡᠷᠡᠭᠲᠡᠢ᠃ ᠳ᠋ᠢᠩ ᠰᠢᠤ ᠹᠧᠩ ᠱᠦᠵᠢ ᠶᠢᠨ ᠲᠤᠰ ᠵᠢᠯ ᠤᠨ ᠪᠦᠬᠦ ᠬᠤᠲᠠ ᠶᠢᠨ ᠨᠠᠮ ᠤᠨ ᠪᠠᠶᠢᠭᠤᠯᠤᠯᠲᠠ ᠶᠢᠨ | ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠳᠡᠭᠡᠷ᠎ᠡ ᠭᠦᠶᠡᠩ ᠰᠢᠶᠠᠨ ᠳᠤ ᠭᠠᠷᠭᠠᠭᠰᠠᠨ ᠠᠰᠠᠭᠤᠳᠠᠯ ᠳᠤ | ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠪᠠᠨ ᠴᠢᠩᠭᠠᠳᠬᠠᠵᠤ᠂ ︽ᠴᠡᠭ ᠠᠴᠠ ᠴᠡᠭ ᠲᠤ ᠬᠥᠷᠬᠦ︾ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ | ᠬᠠᠰᠤᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠷᠠᠯ ᠠᠴᠠ᠂ ᠢᠷᠡᠬᠦ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠬᠡᠷᠡᠭᠵᠢᠭᠦᠯᠬᠦ ᠡᠴᠦᠰ ᠤᠨ ᠵᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢ ᠲᠥᠯᠥᠪᠵᠢᠭᠦᠯᠬᠦ | ᠵᠢᠯ᠂ ᠢᠩᠭᠢᠵᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ | ᠪᠣᠯᠤᠨ᠎ᠠ᠂ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ ᠶᠢ | ᠪᠡᠶᠡᠯᠡᠭᠦᠯᠬᠦ ᠭᠡᠪᠡᠯ ᠪᠢᠳᠡ ᠡᠷᠬᠡᠪᠰᠢ ︽ᠬᠥᠮᠦᠨ ᠤ ᠠᠮᠢᠳᠤᠷᠠᠯ ᠬᠡᠳᠦᠨᠲᠡ ᠲᠡᠮᠡᠴᠡᠬᠦ ᠴᠢᠳᠠᠪᠤᠷᠢ ᠲᠠᠢ︾ ᠪᠠᠶᠢᠬᠤ | ᠡᠷᠴᠢ ᠵᠣᠷᠢᠭ ᠢ ᠭᠠᠷᠭᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ | ᠬᠢᠬᠦ ᠨᠢ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ ᠢ ᠳᠡᠭᠡᠭᠰᠢᠯᠡᠭᠦᠯᠬᠦ᠂ ᠺᠠᠳ᠋ᠷ ᠤᠨ ᠴᠤᠭ ᠰᠦᠯᠳᠡ ᠶᠢ | ᠳᠡᠭᠡᠭᠰᠢᠯᠡᠭᠦᠯᠬᠦ᠂ ᠡᠭᠦᠷᠭᠡ ᠶᠢᠨ ᠪᠡᠶᠡᠯᠡᠭᠳᠡᠯ ᠤᠨ ᠨᠣᠷᠮ᠎ᠠ ᠶᠢ ᠳᠡᠭᠡᠭᠰᠢᠯᠡᠭᠦᠯᠬᠦ ᠳᠤ ᠴᠢᠬᠤᠯᠠ ᠬᠥᠲᠥᠯᠥᠨ ᠳᠠᠭᠠᠭᠤᠯᠬᠤ | ᠦᠢᠯᠡᠳᠦᠯ ᠲᠠᠢ ᠶᠤᠮ᠂ ᠪᠥᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠴᠠᠭ | ᠲᠤᠬᠠᠢ ᠳᠤᠨᠢ ᠪᠣᠳᠠᠲᠠᠢ ᠶᠢ ᠡᠷᠬᠢᠮᠯᠡᠨ ᠪᠣᠳᠠᠲᠠᠶᠢᠵᠢᠭᠤᠯᠬᠤ ᠠᠵᠢᠯ ᠤᠨ ᠰᠤᠷᠲᠠᠯ ᠢᠶᠠᠨ ᠪᠠᠷᠢᠮᠲᠠᠯᠠᠵᠤ᠂ ᠪᠣᠳᠠᠲᠠᠢ | ᠠᠵᠢᠯᠯᠠᠵᠤ ᠰᠢᠨ᠎ᠡ ᠶᠢ ᠡᠭᠦᠳᠬᠦ ᠠᠵᠢᠯ ᠤᠨ ᠣᠪᠣᠷ ᠢ ᠠᠳᠬᠤᠵᠤ᠂ ᠲᠡᠷᠢᠭᠦᠨ ᠤ ᠠᠮᠵᠢᠯᠲᠠ ᠪᠦᠲᠦᠮᠵᠢ ᠪᠠᠷ ᠰᠢᠨ᠎ᠡ | ᠴᠠᠭ ᠦᠶ᠎ᠡ ᠶᠢᠨ ᠭᠦᠶᠡᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ | ᠪᠢᠴᠢᠭᠯᠡᠬᠦ ᠬᠡᠷᠡᠭᠲᠡᠢ᠃ | ᠨᠢᠭᠡ ᠳᠤ᠂ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠥᠪ ᠴᠢᠭᠯᠡᠯ ᠢ ᠪᠠᠲᠤ ᠡᠵᠡᠮᠳᠡᠵᠦ᠂ | ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃ ᠤᠯᠤᠰ | ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠡᠷᠡᠰ ᠪᠠᠲᠤ ᠤᠯᠤᠰ ᠲᠥᠷᠥ ᠶᠢᠨ | ᠢᠲᠡᠭᠡᠯ ᠪᠢᠰᠢᠷᠡᠯ ᠢᠶᠠᠷ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠵᠤ᠂ ᠨᠠᠮ ᠤᠨ ᠲᠥᠪ ᠬᠤᠷᠢᠶᠠᠨ ᠤ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠶᠢ ᠬᠠᠮᠤᠭ ᠤᠨ ᠳᠡᠭᠡᠳᠦ ᠤᠯᠤᠰ ᠲᠥᠷᠥ ᠶᠢᠨ | ᠵᠠᠷᠴᠢᠮ ᠪᠣᠯᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠡᠷᠡᠰ ᠭᠤᠶᠢᠪᠢᠰᠢ ᠦᠭᠡᠢ | ᠰᠢ ᠶᠢᠨ ᠫᠢᠩ ᠶᠡᠷᠦᠩᠬᠡᠢ ᠱᠦᠵᠢ ᠲᠠᠢ ᠨᠢᠭᠡᠳᠦᠯᠲᠡᠢ ᠪᠠᠶᠢᠵᠤ᠂ ᠨᠠᠮ ᠤᠨ ᠲᠥᠪ ᠬᠤᠷᠢᠶ᠎ᠡ ᠲᠠᠢ ᠨᠢᠭᠡᠳᠦᠯᠲᠡᠢ ᠪᠠᠶᠢᠵᠤ | ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ | ᠺᠠᠳ᠋ᠷᠴᠤᠳ ᠤᠨ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠳᠡᠭᠡᠷ᠎ᠡ ᠢᠯᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠳᠤᠮᠳᠠ ᠢᠯᠡᠷᠡᠭᠦᠯᠬᠦ ᠬᠡᠷᠡᠭᠲᠡᠢ᠃ ᠬᠤᠶᠠᠷ ᠲᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠬᠤ ᠶᠢ ᠴᠢᠩᠭᠠᠳᠬᠠᠵᠤ᠂ ᠲᠡᠮᠡᠴᠡᠬᠦ ᠬᠠᠷᠠᠯᠲᠠ ᠪᠠᠨ ᠲᠣᠭᠲᠠᠭᠠᠵᠤ᠂ ᠴᠢᠨᠠᠷ ᠰᠠᠶᠢᠲᠠᠢ ᠨᠠᠮ ᠤᠨ | ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠨᠢᠭᠲᠠ | ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠵᠦ᠂ ᠨᠠᠮ ᠤᠨ ᠭᠡᠰᠢᠭᠦᠨ ᠺᠠᠳ᠋ᠷᠴᠤᠳ ᠢ ᠢᠳᠡᠪᠬᠢᠲᠡᠢ ᠪᠠᠷ | ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠪᠥᠬᠦ ᠰᠢᠶᠠᠨ ᠤ | ᠬᠥᠭᠵᠢᠯᠲᠡ ᠶᠢᠨ ᠶᠡᠭᠡ ᠶᠠᠪᠤᠳᠠᠯ ᠴᠢᠬᠤᠯᠠ ᠶᠠᠪᠤᠳᠠᠯ᠂ ᠪᠠᠴᠢᠮ ᠶᠠᠪᠤᠳᠠᠯ ᠬᠦᠴᠢᠷ ᠶᠠᠪᠤᠳᠠᠯ ᠲᠠᠢ ᠤᠶᠠᠯᠳᠤᠭᠤᠯᠤᠨ᠂ | ᠠᠷᠭ᠎ᠠ ᠪᠣᠳᠣᠵᠤ᠂ ᠠᠵᠢᠯᠯᠠᠵᠤ᠂ ᠠᠮᠵᠢᠯᠲᠠ ᠭᠠᠷᠭᠠᠵᠤ᠂ ᠪᠦᠬᠦ ᠲᠠᠯ᠎ᠠ ᠶᠢ ᠲᠥᠯᠥᠪᠵᠢᠭᠦᠯᠬᠦ ᠮᠥᠷᠲᠡᠭᠡᠨ ᠪᠠᠰᠠ | ᠨᠢᠭᠡ ᠣᠷᠣᠨ ᠪᠦᠰᠡ ᠶᠢ ᠰᠦᠪᠡᠭᠴᠢᠯᠡᠵᠦ᠂ ᠣᠳᠣ ᠴᠤ ᠢᠷᠡᠭᠡᠳᠦᠢ ᠶᠢ ᠪᠠᠷᠠᠯᠠᠬᠤ ᠬᠡᠷᠡᠭᠲᠡᠢ᠃ ᠪᠦᠬᠦ ᠬᠤᠲᠠ ᠶᠢᠨ | ︽35N︾ ᠭᠤᠣᠯᠳᠠᠯᠭ᠎ᠠ ᠲᠠᠢ ᠠᠵᠤ ᠦᠢᠯᠡᠰ ᠤᠨ ᠰᠢᠰᠲ᠋ᠧᠮ ᠤᠨ ᠪᠦᠬᠦ ᠶᠠᠪᠤᠴᠠ᠂ ᠡᠯ᠎ᠡ ᠲᠠᠯ᠎ᠠ ᠶᠢ ᠴᠢᠩᠭ᠎ᠠ | ᠠᠩᠬᠠᠷᠴᠤ᠂ ᠭᠦᠶᠡᠩ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠠᠵᠤ ᠦᠢᠯᠡᠰ ᠤᠨ ᠦᠨᠳᠦᠰᠦᠨ ᠪᠠᠶᠢᠳᠠᠯ ᠢ | ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠣᠯᠠᠨ ᠡᠰᠢᠲᠦ ᠬᠥᠭᠵᠢᠯᠲᠡ᠂ ᠣᠯᠠᠨ ᠲᠦᠢᠯᠰᠢᠷᠠᠯ ᠢᠶᠠᠷ | ᠲᠤᠯᠭᠠᠭᠤᠷᠢᠯᠠᠭᠰᠠᠨ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠬᠦᠴᠦᠷᠬᠡᠭᠵᠢᠭᠦᠯᠵᠦ᠂ ᠲᠥᠷᠥ ᠪᠠᠷᠢᠬᠤ ᠰᠠᠭᠤᠷᠢ ᠶᠢ | ᠪᠠᠬᠢᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢᠶᠠᠷ ᠦᠨᠳᠦᠰᠦᠨ ᠱᠠᠲᠤᠨ ᠤ ᠵᠠᠰᠠᠯᠲᠠ ᠶᠢᠨ ᠪᠦᠬᠦ | ᠶᠠᠪᠤᠴᠠ ᠶᠢ ᠨᠡᠪᠲᠡᠷᠡᠭᠦᠯᠬᠦ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ | ᠬᠦᠴᠦᠷᠬᠡᠭᠵᠢᠭᠦᠯᠵᠦ᠂ ᠦᠨᠳᠦᠰᠦᠨ ᠱᠠᠲᠤᠨ ᠤ ᠨᠠᠮ ᠤᠨ ᠬᠤᠷᠢᠶᠠᠨ ᠤ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ | ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠤᠨ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ | ᠰᠠᠶᠢᠲᠤᠷ ᠪᠠᠳᠠᠷᠠᠭᠤᠯᠵᠤ᠂ ᠳᠠᠶᠢᠴᠢᠨ ᠪᠠᠬᠢᠯᠡᠯᠲᠡ ᠶᠢ ᠦᠨᠡᠨ ᠬᠦ ᠨᠡᠩ ᠪᠠᠲᠤ ᠴᠢᠩᠭ᠎ᠠ ᠪᠣᠯᠭᠠᠬᠤ ᠬᠡᠷᠡᠭᠲᠡᠢ᠃ ᠡᠯ᠎ᠡ | ᠬᠦᠷᠢᠶᠡᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠪᠠᠶᠢᠭᠤᠯᠭ᠎ᠠ᠂ ᠰᠤᠷᠭᠠᠭᠤᠯᠢ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ᠂ ︽ᠬᠤᠶᠠᠷ ᠰᠢᠨ᠎ᠡ︾ ᠶᠢᠨ ᠵᠣᠬᠢᠶᠠᠨ ᠪᠠᠶᠢᠭᠤᠯᠤᠯᠲᠠ ᠶᠢᠨ ᠠᠳᠠᠯᠢ ᠪᠤᠰᠤ | ᠣᠨᠴᠠᠯᠢᠭ ᠲᠤ ᠴᠢᠭᠯᠡᠭᠦᠯᠦᠨ᠂ ᠲᠥᠷᠥᠯ ᠬᠤᠪᠢᠶᠠᠨ ᠵᠢᠯᠣᠭᠤᠳᠬᠤ ᠪᠠᠨ ᠴᠢᠩᠭᠠᠳᠬᠠᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠡᠬᠢ ᠪᠠᠶᠠᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ | ᠠᠮᠢᠵᠢᠷᠠᠯ ᠤᠨ ᠬᠦᠴᠦᠨ ᠢ ᠬᠥᠭᠵᠢᠯᠲᠡ ᠶᠢᠨ ᠡᠬᠢ ᠪᠠᠶᠠᠯᠢᠭ᠂ ᠬᠥᠭᠵᠢᠯᠲᠡ ᠶᠢᠨ ᠳᠠᠪᠠᠭᠤᠯᠢᠭ᠂ ᠬᠥᠭᠵᠢᠯᠲᠡ ᠶᠢᠨ | ᠠᠮᠢᠵᠢᠷᠠᠯ ᠤᠨ ᠬᠦᠴᠦᠨ ᠪᠣᠯᠭᠠᠨ ᠨᠡᠩ ᠰᠠᠶᠢᠲᠤᠷ ᠬᠤᠪᠢᠷᠠᠭᠤᠯᠬᠤ ᠬᠡᠷᠡᠭᠲᠡᠢ᠃ | |