ᠰᠢᠶᠠᠨ ᠤ ᠵᠠᠰᠠᠭ ᠤᠨ ᠣᠷᠳᠣᠨ 2024 ᠣᠨ ᠤ 21 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/27
    12 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠾᠧᠦ ᠶᠦᠩ ᠹᠧᠩ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠭᠦᠶᠡᠩ ᠰᠢᠶᠠᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠭᠦᠶᠡᠩ ᠰᠢᠶᠠᠨ ᠤ 2025 ᠣᠨ ᠤ ᠰᠢᠨ᠎ᠡ ᠵᠢᠯ ᠵᠢᠴᠢ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠤᠨ ᠰᠣᠶᠣᠯ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢᠨ ᠲᠥᠰᠦᠯ︾ ᠢ ᠬᠢᠨᠠᠨ ᠵᠥᠪᠯᠡᠵᠦ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃     ᠬᠤᠷᠠᠯ ᠠᠴᠠ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠨᠢ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠵᠤ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠬᠤᠷᠢᠭ᠎ᠠ ᠱᠤᠭᠤᠮ ᠤᠨ ᠢᠨᠵᠧᠨᠧᠷᠢᠩ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠤ ᠡᠬᠢ ᠡᠭᠦᠰᠦᠯ ᠠᠴᠠ ᠨᠢ ᠡᠵᠡᠮᠳᠡᠬᠦ ᠶᠢ ᠴᠢᠩᠭᠠᠳᠬᠠᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠷᠢᠯᠢᠭ ᠪᠣᠳᠠᠲᠠᠶ ᠠᠳᠬᠤᠵᠤ᠂ ᠠᠷᠠᠳ ᠣᠯᠠᠨ ᠤ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠬᠤᠷᠠᠯ ᠠᠴᠠ ᠱᠠᠭᠠᠷᠳᠠᠭᠰᠠᠨ ᠨᠢ᠂ ᠴᠠᠭᠠᠨ ᠰᠠᠷ᠎ᠠ᠂ ᠥᠯᠵᠡᠶᠢᠲᠦ ᠡᠳᠦᠷ ᠤᠨ ᠰᠣᠶᠣᠯ ᠤᠨ ᠠᠵᠢᠯᠯᠠᠭ᠎ᠠ ᠪᠣᠯ ᠪᠦᠬᠦ ᠰᠢᠶᠠᠨ ᠤ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠨᠢᠭᠡᠨ ᠴᠢᠬᠤᠯᠠ ᠠᠭᠤᠯᠭ᠎ᠠ ᠮᠥᠨ᠂ ᠪᠠᠶᠠᠷ ᠳᠤᠷᠠᠰᠬᠠᠯ ᠤᠨ ᠡᠳᠦᠷ ᠠᠷᠪᠢᠯᠠᠬᠤ ᠵᠠᠷᠴᠢᠮ ᠶᠣᠰᠣᠭᠠᠷ᠂ ᠥᠪᠡᠷᠮᠢᠴᠡ ᠣᠨᠴᠠᠯᠢᠭ ᠲᠠᠢ ᠰᠢᠷᠢᠰ ᠰᠣᠶᠣᠯ ᠤᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠥᠷᠭᠡᠨ ᠣᠯᠠᠨ ᠲᠦᠮᠡᠨ ᠳᠤ ᠢᠳᠡᠪᠬᠢᠲᠡᠢ ᠥᠭᠡᠳᠡᠯᠡᠨ ᠲᠠᠪᠰᠢᠬᠤ᠂ ᠪᠠᠶᠠᠷ ᠪᠠᠶᠠᠰᠬᠤᠯᠠᠩ ᠲᠠᠢ ᠡᠶ᠎ᠡ ᠨᠠᠶᠢᠷᠠᠮᠳᠠᠭᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ ᠭᠡᠪᠡ᠃   ᠬᠤᠷᠠᠯ ᠠᠴᠠ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠪᠠᠷ ᠳᠠᠮᠵᠢᠭᠤᠯᠤᠨ᠂ ᠠᠯᠤᠰ ᠡᠵᠡᠮᠰᠢᠯᠲᠦ ᠡᠮᠴᠢᠯᠡᠭᠡ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠲᠥᠪ ᠪᠣᠯᠤᠨ ᠦᠨᠳᠦᠰᠦᠨ ᠱᠠᠲᠤ ᠲᠠᠢ ᠨᠡᠪᠲᠡᠷᠡᠯᠴᠡᠬᠦ ᠶᠢ ᠠᠬᠢᠭᠤᠯᠵᠤ᠂ ᠣᠯᠠᠨ ᠲᠦᠮᠡᠨ ᠢ ︽ᠡᠪᠡᠳᠴᠢᠨ ᠦᠵᠡᠭᠦᠯᠬᠦ ᠳᠤ ᠰᠠᠶᠢᠨ︾ ᠪᠣᠯᠭᠠᠬᠤ ᠬᠡᠷᠡᠭᠲᠡᠶ᠃ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠨᠢᠭᠡᠳᠦᠯᠲᠡᠶ ᠲᠥᠯᠥᠪᠯᠡᠨ ᠳᠠᠶᠢᠴᠢᠯᠠᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠪᠠ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠬᠤᠲᠠ ᠶᠢᠨ ︽ᠡᠮᠴᠢᠯᠡᠭᠡᠨ ᠤ ᠥᠨᠳᠦᠷᠯᠢᠭ︾ ᠢ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠥᠪᠯᠡᠬᠦ ᠰᠡᠳᠦᠪ ᠢ ᠰᠤᠳᠤᠯᠪᠠ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号