ᠬᠤᠩ ᠴᠢᠩ ᠳ᠋ᠧ ᠭᠡᠷᠡᠯ ᠴᠡᠨᠡᠭ ᠤᠨ ᠴᠠᠬᠢᠯᠭᠠᠨ ᠥᠷᠲᠡᠭᠡ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠯᠠᠪᠳᠠᠭᠤᠨ ᠪᠠᠲᠤᠲᠠᠢ ᠠᠯᠬᠤᠮ ᠢ ᠠᠯᠬᠤᠪᠠ
ᠨᠡᠶᠢᠲᠡᠯᠡᠭᠰᠡᠨ ᠴᠠᠭ᠄
2024/12/5
    12 ᠰᠠᠷ᠎ᠠ ᠶᠢᠨ 3 ᠤ ᠡᠳᠦᠷ ᠰᠢᠩ ᠱᠦᠨ ᠰᠢ ᠪᠠᠯᠭᠠᠰᠤᠨ ᠳᠤ ᠴᠢ ᠯᠢᠨ  ᠲᠠᠬᠢᠶ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠ ᠲᠣᠰᠬᠤᠨ ᠤ ᠨᠠᠮ ᠤᠨ ᠬᠤᠷᠢᠶᠠᠨ ᠤ ᠡᠭᠦᠳᠡᠨ ᠡᠮᠦᠨᠡᠬᠢ ᠠᠭᠤᠳᠠᠮ ᠲᠠᠯᠠᠪᠠᠢ ᠪᠦᠲᠦᠭᠡᠨ ᠪᠠᠶᠢᠭᠤᠯᠤᠭᠰᠠᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 112.32kW ᠂ 15.795kW ᠤᠨ ᠭᠡᠷᠡᠯ ᠴᠡᠨᠡᠭ ᠤᠨ ᠴᠠᠬᠢᠯᠭᠠᠨ ᠥᠷᠲᠡᠭᠡ ᠵᠢᠩᠬᠢᠨᠢ ᠲᠣᠣᠷ ᠲᠤ ᠨᠡᠶᠢᠯᠡᠭᠦᠯᠦᠨ ᠴᠠᠬᠢᠯᠭᠠᠨ  ᠭᠠᠷᠭᠠᠪᠠ᠃ ᠲᠤᠰ ᠤᠳᠠᠭᠠᠨ ᠤ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠬᠡᠷᠡᠯ ᠴᠡᠨᠡᠭ ᠤᠨ ᠴᠠᠬᠢᠯᠭᠠᠨ ᠥᠷᠲᠡᠭᠡ ᠨᠢ ᠭᠠᠵᠠᠷ ᠣᠷᠣᠨ ᠤ ᠲᠥᠷᠥᠯ ᠵᠦᠢᠯ ᠢ ᠬᠡᠷᠡᠭᠵᠢᠭᠦᠯᠬᠦ ᠳᠤ ᠦᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃ ᠴᠠᠬᠢᠯᠭᠠᠨ ᠥᠷᠲᠡᠭᠡ ᠨᠢ ᠲᠣᠰᠬᠤᠨ ᠤ ᠬᠠᠮᠲᠤ ᠪᠣᠯᠤᠨ ᠲᠣᠰᠬᠤᠨ ᠤ ᠠᠷᠠᠳ ᠤᠨ ᠣᠷᠣᠯᠭ᠎ᠠ ᠶᠢ ᠪᠦᠲᠦᠮᠵᠢᠲᠡᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠲᠣᠰᠬᠤᠨ ᠤ ᠠᠷᠠᠳ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠵᠠᠢ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠬᠤᠩ ᠴᠢᠩ ᠳ᠋ᠧ ᠲᠣᠰᠬᠤᠨ ᠤ ᠨᠠᠮ ᠤᠨ  ᠬᠤᠷᠢᠶ᠎ᠡ ᠶᠢᠨ ᠼᠦᠨ ᠸᠠᠨ ᠬᠤᠤ ᠠᠶᠢᠯ ᠲᠣᠰᠬᠤᠨ ᠨᠢᠭᠡᠨᠲᠡ ᠪᠦᠬᠦ᠋ᠢᠯᠡ ᠡᠷᠦᠬᠡ ᠶᠢᠨ ᠲᠠᠷᠬᠠᠯᠲᠠ ᠶᠢᠨ ᠬᠡᠯᠪᠡᠷᠢ ᠶᠢᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠮᠵᠢᠯᠲᠠ ᠲᠠᠢ ᠪᠡᠶᠡᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 434 ᠲᠦᠮᠡᠨ ᠲᠥᠭᠦᠷᠢᠭ ᠪᠠᠶᠢᠵᠤ᠂ 4 ᠰᠠᠷ᠎ᠠ ᠳᠤ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠭᠦᠶᠡᠩ ᠰᠢᠶᠠᠨ ᠤ ᠠᠩᠬᠠᠳᠠᠭᠴᠢ ᠪᠦᠬᠦ ᠲᠣᠰᠬᠤᠨ ᠳᠤ ᠪᠦᠲᠦᠭᠡᠨ ᠪᠠᠶᠢᠭᠤᠯᠤᠭᠰᠠᠨ ᠡᠷᠦᠬᠡ ᠶᠢᠨ ᠲᠠᠷᠬᠠᠯᠲᠠ ᠶᠢᠨ ᠬᠡᠯᠪᠡᠷᠢ ᠶᠢᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠪᠣᠯᠵᠠᠢ᠃ ᠲᠤᠰ ᠲᠥᠷᠥᠯ ᠵᠦᠢᠯ ᠨᠢ 24 ᠬᠦᠷᠢᠶ᠎ᠡ ᠬᠠᠰᠢᠶ᠎ᠠ ᠶᠢ ᠬᠠᠮᠤᠷᠴᠤ᠂ ᠶᠡᠷᠦᠩᠬᠡᠢ ᠴᠢᠳᠠᠯ ᠨᠢ 1183kW᠂ 45 ᠡᠷᠦᠬᠡ ᠶᠢᠨ 110 ᠲᠣᠰᠬᠤᠨ ᠤ ᠠᠷᠠᠳ ᠲᠤ ᠠᠰᠢᠭ ᠬᠦᠷᠲᠡᠭᠡᠵᠦ᠂ ᠳᠤᠮᠳᠠᠴᠢ ᠪᠠᠷ ᠬᠦᠷᠢᠶ᠎ᠡ ᠨᠢᠭᠡᠪᠦᠷᠢ ᠶᠢᠨ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 6 ᠲᠦᠮᠡᠨ ᠺᠢᠯᠣᠸᠠᠲ ᠴᠠᠭ ᠲᠤ ᠬᠦᠷᠴᠦ᠂ ᠵᠢᠯ ᠤᠨ ᠠᠰᠢᠭ ᠣᠷᠣᠯᠭ᠎ᠠ ᠨᠢ 1800-4 000 ᠲᠥᠭᠦᠷᠢᠭ ᠲᠤ ᠬᠦᠷᠴᠡᠢ᠃ 2024 ᠣᠨ ᠤ ᠭᠤᠷᠪᠠᠳᠤᠭᠠᠷ ᠤᠯᠠᠷᠢᠯ ᠪᠣᠯᠲᠠᠯ᠎ᠠ᠂ ᠲᠠᠷᠢᠶᠠᠴᠢᠨ ᠡᠷᠦᠬᠡ ᠳᠤ 3 ᠲᠦᠮᠡ ᠭᠠᠷᠤᠢ ᠲᠥᠭᠦᠷᠢᠭ ᠤᠨ ᠠᠰᠢᠭ ᠣᠷᠣᠯᠭ᠎ᠠ ᠣᠯᠭᠤᠪᠠ᠃    ᠳᠠᠷᠠᠭᠠᠴᠢ ᠶᠢᠨ ᠠᠯᠬᠤᠮ ᠳᠤ᠂ ᠰᠢᠩ ᠱᠦᠨ ᠰᠢ ᠪᠠᠯᠭᠠᠰᠤ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠬᠤᠣᠰ ᠳᠠᠭᠠᠭᠠᠴᠢᠯᠠᠨ ᠬᠤᠯᠪᠣᠭᠠᠯᠠᠬᠤ ᠠᠵᠠ ᠲᠣᠬᠢᠶᠠᠯ ᠢ ᠠᠮᠵᠢᠵᠤ᠂ ᠲᠡᠮᠡᠴᠡᠨ ᠣᠯᠬᠤ ᠡᠷᠴᠢᠮ ᠢᠶᠠᠨ ᠴᠢᠩᠭᠠᠷᠠᠭᠤᠯᠵᠤ᠂ ᠬᠤᠩᠴᠢᠩ ᠳ᠋ᠧ ᠲᠣᠰᠬᠤᠨ ᠤ ᠨᠠᠮ ᠤᠨ  ᠬᠤᠷᠢᠶ᠎ᠡ  ᠶᠢᠨ ᠦ᠋ ᠪᠦ᠋ ᠽᠢ ᠬᠤᠤ ᠪᠣᠯᠤᠨ ᠹᠠᠨ ᠰᠠᠨ ᠬᠤᠷᠣᠭᠳᠠᠯ ᠢ ᠪᠦᠬᠦ ᠲᠣᠰᠬᠤᠨ ᠤ ᠡᠷᠦᠬᠡ ᠶᠢᠨ ᠭᠡᠷᠡᠯ ᠴᠡᠨᠡᠭ ᠤᠨ ᠲᠥᠷᠥᠯ ᠵᠦᠢᠯ ᠢ ᠠᠬᠢᠭᠤᠯᠵᠤ᠂ ᠬᠤᠨᠴᠢᠷᠯᠢᠭ   ᠳᠠᠬᠢᠶ᠎ᠠ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠵᠦ᠂ ᠲᠣᠰᠬᠤᠨ ᠤ ᠬᠠᠮᠲᠤ ᠪᠣᠯᠤᠨ ᠲᠣᠰᠬᠤᠨ ᠤ ᠠᠷᠠᠳ ᠤᠨ ᠠᠰᠢᠭ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠬᠦ ᠪᠠᠷ ᠴᠢᠷᠮᠠᠶᠢᠵᠤ᠂ ᠪᠣᠬᠢᠷᠲᠤᠯ ᠦᠭᠡᠢ ᠡᠨᠧᠷᠭᠢ ᠶᠢᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ 
 
ᠢᠷᠡᠯᠲᠡ᠄ ᠰᠢᠩ ᠱᠦᠨ ᠰᠢ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号