ᠰᠢᠨᠵᠢᠯᠡᠬᠦ ᠤᠬᠠᠭᠠᠨ ᠰᠤᠷᠭᠠᠨ ᠬᠥᠮᠦᠵᠢᠯ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠨᠡᠶᠢᠭᠡᠮ ᠲᠣᠭᠤᠷᠢᠭ ᠤᠨ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠤᠨ ᠣᠯᠠᠨ ᠨᠡᠶᠢᠲᠡ ᠶᠢᠨ ᠳ᠋ᠤᠭᠠᠷ ᠢ ᠦᠢᠯᠡᠴᠢᠯᠡᠭᠡᠨ ᠤ ᠵᠦᠭᠯᠡᠭᠦᠷ | ᠬᠠᠩᠭᠠᠬᠤ ᠳᠤ ᠬᠡᠷᠡᠭᠯᠡᠪᠡ︔ ᠨᠠᠮ ᠤᠨ ᠪᠠᠶᠢᠭᠤᠯᠤᠯᠲᠠ ᠶᠢᠨ ᠮᠡᠳᠡᠯᠭᠡ᠂ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠢ ᠤᠬᠠᠭᠤᠯᠬᠤ᠂ ᠨᠡᠶᠢᠭᠡᠮ ᠲᠣᠭᠤᠷᠢᠭ ᠤᠨ ᠮᠡᠳᠡᠭᠡ ᠵᠠᠩᠭᠢ᠂ ᠮᠡᠳᠡᠭᠳᠡᠯ ᠵᠢᠴᠢ ᠠᠵᠢᠯᠯᠠᠭ᠎ᠠ ᠶᠢᠨ ᠮᠡᠳᠡᠭᠡ | ᠵᠠᠩᠭᠢ ᠶᠢ ᠨᠡᠶᠢᠲᠡᠯᠡᠬᠦ᠂ ᠬᠡᠰᠡᠭ ᠰᠦᠯᠵᠢᠶᠡᠨ ᠳᠡᠭᠡᠷ᠎ᠡ ᠦᠢᠯᠡᠴᠢᠯᠡᠬᠦ᠂ ᠰᠠᠨᠠᠯ ᠴᠤᠭᠯᠠᠭᠤᠯᠬᠤ ᠵᠡᠷᠭᠡ ᠶᠢ ᠬᠠᠩᠭᠠᠨ᠎ᠠ᠃ | ᠡᠭᠦᠨ ᠤ ᠵᠣᠷᠢᠯᠭ᠎ᠠ ᠨᠢ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠰᠠᠭᠤᠭᠠᠯᠢ ᠠᠷᠠᠳ ᠲᠤ ᠨᠡᠶᠢᠭᠡᠮ | ᠲᠣᠭᠤᠷᠢᠭ ᠤᠨ ᠬᠥᠳᠡᠯᠦᠯ ᠪᠠᠶᠢᠳᠠᠯ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠮᠡᠳᠡᠭᠡ ᠵᠠᠩᠭᠢ ᠪᠠ ᠡᠯ᠎ᠡ | ᠲᠥᠷᠥᠯ ᠤᠨ ᠰᠤᠷᠤᠯᠴᠠᠯᠭ᠎ᠠ ᠶᠢᠨ ᠯᠠᠪᠯᠠᠭ᠎ᠠ ᠶᠢ ᠴᠠᠭ ᠲᠤᠬᠠᠢ ᠳᠤᠨᠢ ᠣᠶᠢᠯᠠᠭᠠᠭᠤᠯᠬᠤ ᠶᠢᠨ ᠲᠥᠯᠥᠭᠡ ᠶᠤᠮ᠃ | 11 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠪᠤᠭᠤᠲᠤ ᠬᠤᠲᠠ ᠪᠦᠬᠦ ᠬᠤᠲᠠ ᠶᠢᠨ ᠨᠡᠶᠢᠭᠡᠮ | ᠲᠣᠭᠤᠷᠢᠭ ᠤᠨ ︽ᠪᠣᠳᠠᠲᠠᠢ ᠠᠵᠢᠯᠯᠠᠬᠤ ᠳᠠᠭᠠᠭᠤᠯᠤᠭᠴᠢ︾ ᠶᠢ ᠳᠠᠪᠲᠠᠨ ᠪᠣᠯᠪᠠᠰᠤᠷᠠᠭᠤᠯᠬᠤ ᠲᠥᠯᠥᠪᠯᠡᠭᠡ ᠵᠢᠴᠢ | 2024 ᠣᠨ ᠤ ︽ᠱᠦᠵᠢ ᠨᠢ ᠱᠦᠵᠢ ᠳᠤ ᠶᠠᠷᠢᠵᠤ ᠥᠭᠴᠦ ᠰᠣᠨᠣᠰᠬᠤ︾ ᠠᠶᠠᠨ ᠤ ᠪᠣᠯᠪᠠᠰᠤᠷᠠᠯ ᠤᠨ | ᠠᠵᠢᠯᠯᠠᠭ᠎ᠠ ᠥᠷᠨᠢᠭᠦᠯᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠤᠨ ︽ᠪᠣᠳᠠᠲᠠᠢ | ᠠᠵᠢᠯᠯᠠᠬᠤ ᠳᠠᠭᠠᠭᠤᠯᠤᠭᠴᠢ︾ ᠪᠣᠯᠤᠭᠰᠠᠨ ᠤ ᠬᠤᠪᠢ ᠳᠤ᠂ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠤᠸᠠᠩ ᠶᠢᠩ ᠯᠢ ᠲᠤᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠳᠤ ᠣᠷᠣᠯᠴᠠᠵᠤ᠂ ᠭᠠᠷᠮᠠᠭᠠᠢ | ᠦᠢᠯᠡᠳᠦᠯ ᠢᠶᠠᠨ ᠪᠠᠳᠠᠷᠠᠭᠤᠯᠤᠭᠰᠠᠨ ᠪᠥᠭᠡᠳ ᠰᠢᠯᠢᠳᠡᠭ ᠠᠮᠵᠢᠯᠲᠠ ᠣᠯᠵᠤ᠂ ᠭᠤᠷᠪᠠᠳᠤᠭᠠᠷ ᠳᠡᠰ ᠤᠨ ᠱᠠᠩᠨᠠᠯ | ᠬᠦᠷᠲᠡᠪᠡ᠃ | ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠤᠨ ᠬᠠᠷᠢᠶ᠎ᠠ ᠣᠷᠣᠨ ᠤ ᠲᠠᠯᠠᠪᠠᠢ ᠨᠢ 0. | 86 ᠲᠡᠭᠰᠢ ᠳᠥᠷᠪᠡᠯᠵᠢᠨ ᠺᠢᠯᠣᠮᠧᠲᠷ᠂ 6536 ᠡᠷᠦᠬᠡ᠂ 16560 ᠬᠥᠮᠦᠨ᠂ ᠬᠠᠷᠢᠶ᠎ᠠ 12 | ᠵᠢᠵᠢᠭ ᠲᠣᠭᠤᠷᠢᠭ 1 ᠬᠡᠰᠡᠭ ᠪᠠᠶᠢᠰᠢᠩ ᠲᠣᠭᠤᠷᠢᠭ ᠤᠨ ᠲᠣᠭᠤᠷᠢᠭ ᠲᠤ 9 ᠲᠣᠣᠷᠵᠢᠯ᠂ 14 ᠲᠣᠣᠷᠵᠢᠭᠤᠯᠤᠭᠴᠢ | ᠂ ᠬᠤᠶᠠᠷ ᠵᠥᠪᠯᠡᠯ ᠤᠨ ᠭᠡᠰᠢᠭᠦᠨ 9 ᠬᠥᠮᠦᠨ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠡ ᠶᠢᠨ | ᠳᠣᠣᠷ᠎ᠠ ᠨᠢ ᠭᠤᠷᠪᠠᠨ ᠨᠠᠮ ᠤᠨ ᠡᠭᠦᠷ ᠪᠠᠶᠢᠭᠤᠯᠵᠤ᠂ ᠣᠳᠣ 183 ᠨᠠᠮ ᠤᠨ ᠭᠡᠰᠢᠭᠦᠨ ᠪᠤᠢ᠃ | ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠲᠤ ᠨᠢᠭᠡ ᠥᠷᠲᠡᠭᠡ ᠮᠠᠶ᠋ᠢᠭ ᠤᠨ | ᠦᠢᠯᠡᠴᠢᠯᠡᠭᠡᠨ ᠤ ᠲᠢᠩᠬᠢᠮ᠂ ᠣᠯᠠᠨ ᠴᠢᠳᠠᠮᠵᠢᠲᠤ ᠬᠤᠷᠠᠯ ᠤᠨ ᠭᠡᠷ᠂ ᠤᠷᠠᠨ ᠪᠢᠴᠢᠯᠭᠡ ᠤᠷᠠᠨ ᠵᠢᠷᠤᠭ ᠤᠨ ᠲᠠᠰᠤᠭ | ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ | ᠰᠡᠳᠦᠪᠲᠦ ᠦᠵᠡᠭᠦᠯᠦᠯᠭᠡ ᠶᠢᠨ ᠣᠷᠳᠣᠨ᠂ ᠲᠠᠪᠤᠨ ᠴᠠᠭ ᠬᠠᠭᠠᠰ ᠤᠨ ᠬᠢᠴᠢᠶᠡᠯ ᠤᠨ ᠲᠠᠩᠬᠢᠮ᠂ | ᠨᠠᠰᠤᠲᠠᠶᠢᠴᠤᠳ ᠤᠨ ᠠᠵᠢᠯᠯᠠᠭᠠᠨ ᠤ ᠲᠠᠰᠤᠭ ᠵᠡᠷᠭᠡ ᠡᠯ᠎ᠡ ᠲᠥᠷᠥᠯ ᠤᠨ ᠠᠵᠢᠯᠯᠠᠭᠠᠨ ᠤ ᠲᠠᠰᠤᠭ ᠲᠣᠬᠢᠷᠠᠭᠤᠯᠪᠠ᠃ | 2024 ᠣᠨ ᠳᠤ᠂ ᠣᠳᠣ ᠶᠢᠨ ᠪᠠᠶᠢᠭ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢᠨ ᠲᠥᠯᠥᠭᠡ᠂ ᠨᠡᠶᠢᠭᠡᠮ | ᠲᠣᠭᠤᠷᠢᠭ ᠲᠤ ᠬᠡᠦᠬᠡᠳ ᠤᠨ ᠲᠣᠭᠯᠠᠭᠠᠮ ᠨᠠᠭᠠᠳᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠵᠢᠭ ᠭᠡᠷ ᠵᠡᠷᠭᠡ | ᠣᠨᠴᠠᠯᠢᠭᠲᠤ ᠦᠢᠯᠡᠴᠢᠯᠡᠭᠡ ᠬᠠᠩᠭᠠᠵᠤ᠂ ᠰᠤᠯᠠ ᠪᠠᠶᠢᠬᠤ ᠭᠠᠵᠠᠷ ᠢ ᠠᠰᠢᠭᠯᠠᠨ᠂ ︽ᠬᠡᠦᠬᠡᠳ ᠤᠨ ᠴᠡᠩᠭᠡᠯ ᠤᠨ | ᠬᠦᠷᠢᠶᠡᠯᠡᠩ︾ ᠤᠨ ᠭᠡᠷ ᠤᠨ ᠭᠠᠳᠠᠨᠠᠬᠢ ᠲᠣᠭᠯᠠᠭᠴᠢᠳ ᠤᠨ ᠲᠣᠭᠤᠷᠢᠭ ᠢ ᠪᠠᠶᠢᠭᠤᠯᠵᠤ᠂ ᠨᠡᠶᠢᠭᠡᠮ ᠲᠣᠭᠤᠷᠢᠭ ᠤᠨ | ᠵᠢᠵᠢᠭ ᠪᠢᠴᠢᠯ ᠣᠷᠣᠨ ᠵᠠᠢ ᠶᠢ ᠪᠠᠶᠢᠪᠠᠰᠤ ᠵᠣᠬᠢᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠠᠭᠤᠭᠠᠯᠢ | ᠠᠷᠠᠳ ᠤᠨ ︽ᠭᠡᠷ ᠤᠨ ᠡᠭᠦᠳᠡ︾ ᠶᠢᠨ ᠬᠡᠦᠬᠡᠳ ᠢᠶᠠᠨ ᠰᠡᠯᠡᠭᠦᠴᠡᠬᠦ ᠰᠠᠶᠢᠬᠠᠨ ᠭᠠᠵᠠᠷ ᠪᠣᠯᠭᠠᠪᠠ᠃ | ᠶᠡᠷᠦᠩᠬᠡᠢ ᠱᠦᠵᠢ ᠰᠢ ᠶᠢᠨ ᠫᠢᠩ᠄ ︽ᠨᠡᠶᠢᠭᠡᠮ ᠲᠣᠭᠤᠷᠢᠭ ᠤᠨ ᠠᠷᠠᠳ ᠲᠦᠮᠡᠨ ᠳᠤ ᠦᠢᠯᠡᠴᠢᠯᠡᠬᠦ ᠪᠣᠯ | ᠬᠠᠮᠤᠭ ᠤᠨ ᠰᠢᠭᠤᠳ᠂ ᠨᠡᠶᠢᠭᠡᠮ ᠲᠣᠭᠤᠷᠢᠭ ᠤᠨ ᠠᠵᠢᠯ ᠢ ᠰᠠᠶᠢᠲᠤᠷ ᠬᠢᠬᠦ ᠳᠤ ᠡᠩ ᠲᠡᠷᠢᠭᠦᠨ ᠳᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠬᠦ ᠶᠢᠨ ᠬᠠᠮᠲᠤ | ᠬᠠᠯᠠᠭᠤᠨ ᠰᠡᠳᠬᠢᠯ ᠢᠶᠠᠷ ᠦᠢᠯᠡᠴᠢᠯᠡᠬᠦ ᠶᠢ ᠦᠷᠭᠦᠯᠵᠢᠯᠡᠨ ᠲᠣᠭᠲᠠᠭᠤᠨ ᠪᠠᠶᠢᠯᠭᠠᠬᠤ ᠨᠡᠶᠢᠭᠡᠮ ᠲᠣᠭᠤᠷᠢᠭ ᠤᠨ | ᠠᠵᠢᠯᠲᠠᠨ ᠤ ᠡᠩᠨᠡᠭᠡ ᠲᠠᠢ ᠪᠠᠶᠢᠵᠤ᠂ ᠨᠡᠶᠢᠭᠡᠮ ᠲᠣᠭᠤᠷᠢᠭ ᠤᠨ ᠬᠢᠨ ᠲᠤᠷᠰᠢᠯᠭ᠎ᠠ ᠪᠠᠨ ᠳ᠋ᠦᠩᠨᠡᠨ ᠰᠡᠳᠬᠢᠴᠡ ᠪᠠᠨ | ᠰᠢᠨᠡᠴᠢᠯᠡᠵᠦ᠂ ᠰᠠᠭᠤᠭᠠᠯᠢ ᠠᠷᠠᠳ ᠣᠯᠠᠨ ᠳᠤ ᠦᠢᠯᠡᠴᠢᠯᠡᠬᠦ ᠦᠢᠯᠡᠴᠢᠯᠡᠭᠡ ᠶᠢ ᠭᠦᠨᠵᠡᠭᠡᠢ ᠨᠠᠷᠢᠯᠢᠭ ᠪᠣᠳᠠᠲᠠᠢ ᠬᠢᠵᠦ | ᠂ ᠤᠯᠠᠮ ᠠᠴᠠ ᠤᠯᠠᠮ ᠰᠠᠶᠢᠲᠤᠷ ᠬᠢᠬᠦ ᠪᠠᠷ ᠴᠢᠷᠮᠠᠶᠢᠬᠤ ᠬᠡᠷᠡᠭᠲᠡᠢ︾ ᠭᠡᠵᠦ ᠬᠡᠯᠡᠪᠡ᠃ ᠣᠶᠢᠷ᠎ᠠ ᠶᠢᠨ ᠵᠢᠯ ᠠᠴᠠ᠂ | ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠤᠨ ᠬᠢᠨ ᠲᠤᠰ ᠪᠡᠶ᠎ᠡ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ︽1443︾ ᠠᠵᠢᠯ ᠤᠨ | ᠠᠷᠭ᠎ᠠ ᠶᠢ ᠰᠦᠪᠡᠭᠴᠢᠯᠡᠨ ᠪᠦᠷᠢᠯᠳᠦᠭᠦᠯᠵᠦ᠂ ᠵᠢᠷᠭᠤᠭ᠎ᠠ ᠶᠢ ᠬᠤᠯᠪᠣᠯᠳᠤᠭᠤᠯᠵᠤ᠂ ︽ᠵᠢᠷᠭᠤᠭᠠᠨ ᠭᠡᠷ ᠣᠷᠣᠨ︾ ᠤ | ᠣᠨᠴᠠᠯᠢᠭᠲᠤ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠴᠦ᠂ ᠨᠡᠶᠢᠭᠡᠮ ᠲᠣᠭᠤᠷᠢᠭ ᠤᠨ ᠨᠠᠮ ᠤᠨ | ᠬᠤᠷᠢᠶᠠᠨ ᠤ ᠭᠤᠣᠯᠯᠠᠭᠴᠢ ᠦᠢᠯᠡᠳᠦᠯ ᠢ ᠪᠠᠳᠠᠷᠠᠭᠤᠯᠵᠤ᠂ ᠳᠥᠷᠪᠡᠨ ᠵᠦᠢᠯ ᠤᠨ ᠰᠢᠨ᠎ᠡ ᠶᠢ ᠡᠭᠦᠳᠬᠦ | ᠦᠢᠯᠡᠴᠢᠯᠡᠭᠡᠨ ᠤ ᠠᠷᠭ᠎ᠠ ᠬᠡᠯᠪᠡᠷᠢ᠂ ︽ᠳᠥᠷᠪᠡᠨ ᠪᠠᠭ᠎ᠠ ᠭᠤᠷᠪᠠ ᠶᠢ ᠠᠰᠠᠭᠤᠬᠤ︾ ᠠᠵᠢᠯ ᠤᠨ ᠠᠷᠭ᠎ᠠ᠂ | ᠲᠤᠬᠠᠶᠢᠯᠠᠪᠠᠯ ᠪᠠᠭ᠎ᠠ ᠵᠣᠪᠠᠨᠢᠯ ᠢ ᠠᠷᠢᠯᠭᠠᠵᠤ᠂ ᠪᠠᠭ᠎ᠠ ᠶᠠᠪᠤᠳᠠᠯ ᠢ ᠵᠥᠪᠯᠡᠵᠦ᠂ ᠪᠠᠭ᠎ᠠ ᠬᠦᠴᠢᠷᠳᠡᠯ ᠢ ᠰᠢᠢᠳᠪᠦᠷᠢᠯᠡᠵᠦ | ᠂ ᠪᠠᠭ᠎ᠠ ᠶᠠᠪᠤᠳᠠᠯ ᠢ ᠨᠢ ᠬᠠᠪᠰᠤᠷᠴᠤ᠂ ︽ᠰᠣᠨᠣᠰᠬᠤ︾ ᠬᠦᠰᠡᠯ ᠡᠷᠡᠮᠡᠯᠵᠡᠯ᠂ ︽ᠲᠣᠭᠲᠠᠭᠤᠨ︾ ᠠᠷᠠᠳ ᠤᠨ | ᠰᠡᠳᠬᠢᠯ ᠢ ᠭᠦᠢᠴᠡᠳ ᠪᠦᠷᠢᠯᠳᠦᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢ | ᠦᠷᠭᠦᠯᠵᠢᠯᠡᠨ ᠠᠬᠢᠭᠤᠯᠪᠠ᠃ | ᠨᠡᠶᠢᠭᠡᠮ ᠲᠣᠭᠤᠷᠢᠭ ᠤᠨ ᠢᠷᠡᠭᠡᠳᠦᠢ ᠶᠢᠨ ᠬᠥᠭᠵᠢᠯᠲᠡ ᠳᠤᠮᠳᠠ᠂ ᠪᠢᠳᠡ ᠤᠭ ᠰᠠᠨᠠᠭ᠎ᠠ ᠪᠣᠯᠤᠨ ᠡᠭᠦᠷᠭᠡ | ᠬᠠᠷᠢᠭᠤᠴᠠᠯᠭ᠎ᠠ ᠪᠠᠷ ᠢᠶᠠᠨ ᠦᠨᠳᠦᠰᠦᠨ ᠱᠠᠲᠤᠨ ᠤ ᠳᠠᠶᠢᠴᠢᠨ ᠪᠠᠬᠢᠯᠡᠯᠲᠡ ᠶᠢ ᠪᠠᠲᠤ ᠴᠣᠭᠴᠠᠯᠠᠵᠤ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠠ ᠪᠣᠳᠠᠲᠤ ᠠᠵᠢᠯᠯᠠᠭ᠎ᠠ ᠪᠠᠷ ᠢᠶᠠᠨ ᠬᠠᠷᠢᠶ᠎ᠠ ᠣᠷᠣᠨ ᠤ ᠰᠠᠭᠤᠭᠠᠯᠢ | ᠠᠷᠠᠳ ᠲᠤ ᠦᠢᠯᠡᠴᠢᠯᠡᠬᠦ ᠪᠠᠷ ᠴᠢᠷᠮᠠᠶᠢᠵᠤ᠂ ᠳᠣᠷᠣᠭᠰᠢ ᠦᠨᠳᠦᠰᠦᠯᠡᠵᠦ᠂ ᠨᠠᠷᠠ ᠵᠦᠭ ᠤᠷᠤᠭᠰᠢᠯᠠᠵᠤ᠂ | ᠦᠨᠳᠦᠰᠦᠨ ᠱᠠᠲᠤᠨ ᠤ ᠵᠠᠰᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ᠃ | |