ᠭᠦᠶᠡᠩ ᠰᠢᠶᠠᠨ ᠤ ᠳᠥᠷᠪᠡᠳᠦᠭᠡᠷ ᠬᠤᠭᠤᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠡᠷᠬᠢᠯᠡᠪᠡ | ︽ᠬᠡᠦᠬᠡᠳ ᠤᠨ ᠦᠰᠦᠨ ᠪᠤᠶᠢᠵᠢᠯᠲᠠ ᠶᠢ ᠬᠠᠯᠠᠮᠵᠢᠯᠠᠨ ᠬᠠᠶᠢᠷᠠᠯᠠᠬᠤ ᠬᠥᠳᠡᠯᠭᠡᠬᠦ ᠬᠦᠴᠦᠨ ᠤ ᠮᠥᠩᠭᠦ︾ ᠶᠢᠨ | ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ | ︽ᠬᠠᠶᠢᠷ᠎ᠠ ᠶᠢᠨ ᠰᠡᠳᠭᠢᠯᠳᠦ ᠡᠵᠢ︾ ᠶᠢᠨ ᠵᠣᠯᠭᠠᠯᠴᠠᠭ᠎ᠠ | ︽ᠬᠡᠦᠬᠡᠳ ᠤᠨ ᠦᠰᠦᠨ ᠪᠤᠶᠢᠵᠢᠯᠲᠠ ᠶᠢ ᠬᠠᠯᠠᠮᠵᠢᠯᠠᠨ ᠬᠠᠶᠢᠷᠠᠯᠠᠬᠤ ᠬᠥᠳᠡᠯᠭᠡᠬᠦ ᠬᠦᠴᠦᠨ ᠤ ᠮᠥᠩᠭᠦ︾ ᠶᠢᠨ | ᠲᠥᠷᠥᠯ ᠵᠦᠢᠯ ᠢ 2020 ᠣᠨ ᠠᠴᠠ ᠡᠬᠢᠯᠡᠭᠦᠯᠦᠭᠰᠡᠨ ᠠᠴᠠ ᠨᠠᠰᠢ᠂ ᠨᠢᠭᠡᠨᠲᠡ ᠭᠤᠷᠪᠠᠨ ᠬᠤᠭᠤᠴᠠᠭ᠎ᠠ ᠡᠷᠬᠢᠯᠡᠵᠦ | ᠂ ᠭᠦᠶᠡᠩ ᠰᠢᠶᠠᠨ ᠤ 249 ᠬᠦᠴᠢᠷᠳᠡᠯᠲᠡᠢ ᠰᠤᠷᠤᠭᠴᠢᠳ ᠲᠤ ᠠᠰᠢᠭ ᠬᠦᠷᠲᠡᠭᠡᠵᠦ᠂ ᠲᠡᠳᠡᠨ ᠤ ᠰᠠᠶᠢᠨ ᠰᠠᠶᠢᠬᠠᠨ | ᠰᠤᠷᠤᠯᠭ᠎ᠠ ᠠᠮᠢᠳᠤᠷᠠᠯ ᠤᠨ ᠳᠠᠳᠬᠠᠯ ᠲᠠᠢ ᠪᠣᠯᠬᠤ ᠳᠤ ᠬᠦᠴᠦᠨ ᠨᠡᠮᠡᠷᠢᠯᠡᠪᠡ᠃ ᠲᠤᠰ ᠬᠤᠭᠤᠴᠠᠭᠠᠨ ᠳᠤ ᠭᠦᠶᠡᠩ | ᠰᠢᠶᠠᠨ ᠤ 5 ᠪᠠᠭ᠎ᠠ ᠰᠤᠷᠭᠠᠭᠤᠯᠢ ᠶᠢᠨ ᠭᠤᠷᠪᠠ ᠠᠴᠠ ᠲᠠᠪᠤᠳᠤᠭᠠᠷ ᠣᠨ ᠤ ᠰᠤᠷᠤᠭᠴᠢ ᠣᠷᠣᠯᠴᠠᠭᠰᠠᠨ ᠪᠠᠶᠢᠨ᠎ᠠ᠃ | ᠭᠦᠶᠡᠩ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠵᠣᠣ ᠵᠢᠩ ᠵᠢᠩ ᠤᠨ | ᠲᠠᠨᠢᠯᠴᠠᠭᠤᠯᠤᠭᠰᠠᠨ ᠢᠶᠠᠷ᠂ ᠲᠥᠷᠥᠯ ᠵᠦᠢᠯ ᠨᠢ ᠨᠠᠷᠢᠨ ᠨᠢᠮᠪᠠᠢ ᠵᠢᠷᠤᠭ ᠲᠥᠯᠥᠪᠯᠡᠭᠡ ᠶᠢᠨ ᠡᠭᠦᠷᠭᠡ ᠶᠢᠨ | ᠰᠢᠰᠲ᠋ᠧᠮ ᠢᠶᠠᠷ ᠳᠠᠮᠵᠢᠭᠤᠯᠤᠨ᠂ ᠬᠡᠦᠬᠡᠳ ᠤᠨ ᠰᠤᠷᠤᠯᠴᠠᠬᠤ ᠤᠷᠮ᠎ᠠ ᠪᠠᠬ᠎ᠠ ᠪᠠ ᠪᠦᠲᠦᠭᠡᠯᠴᠢ ᠴᠢᠳᠠᠪᠤᠷᠢ ᠶᠢ | ᠬᠥᠭᠵᠢᠭᠡᠨ᠎ᠡ᠃ ᠡᠭᠦᠨ ᠤ ᠬᠠᠮᠲᠤ᠂ ᠲᠥᠷᠥᠯ ᠵᠦᠢᠯ ᠳᠤ ᠪᠠᠰᠠ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ︽ᠥᠰᠦᠨ ᠪᠤᠶᠢᠵᠢᠬᠤ ᠬᠥᠳᠡᠯᠭᠡᠬᠦ ᠬᠦᠴᠦᠨ ᠤ ᠮᠥᠩᠭᠦ︾ ᠶᠢᠨ ᠬᠡᠯᠪᠡᠷᠢ ᠪᠠᠷ ᠰᠢᠯᠢᠳᠡᠭ | ᠢᠯᠡᠷᠡᠯ ᠲᠠᠢ ᠰᠤᠷᠤᠭᠴᠢᠳ ᠲᠤ ᠪᠣᠳᠠᠲᠠᠢ ᠱᠠᠩᠨᠠᠯ ᠣᠯᠭᠤᠵᠤ᠂ ᠲᠡᠳᠡᠨ ᠤ ᠭᠠᠷᠮᠠᠭᠠᠢ᠂ ᠲᠠᠰᠤᠷᠠᠯᠲᠠ ᠥᠬᠡᠶ | ᠳᠠᠪᠰᠢᠬᠤ ᠶᠢ ᠵᠣᠷᠢᠭᠵᠢᠭᠤᠯᠵᠠᠢ᠃ | ᠲᠤᠰ ᠬᠤᠭᠤᠴᠠᠭᠠᠨ ᠳᠤ ᠬᠡᠦᠬᠡᠳ ᠲᠤ ︽ᠥᠰᠦᠨ ᠪᠤᠶᠢᠵᠢᠬᠤ ᠬᠥᠳᠡᠯᠭᠡᠬᠦ ᠬᠦᠴᠦᠨ ᠤ ᠮᠥᠩᠭᠦ︾ ᠬᠠᠩᠭᠠᠬᠤ | ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠪᠣᠯ ᠪᠤᠭᠤᠲᠤ ᠬᠤᠲᠠ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠪᠠ ᠯᠠᠩ ᠬᠤᠸᠠᠨ ︵ᠪᠡᠭᠡᠵᠢᠩ︶ ᠪᠡᠯᠡ ᠣᠷᠣᠭᠤᠯᠤᠯᠲᠠ ᠶᠢᠨ | ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠪᠣᠯᠤᠨ᠎ᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠭᠦᠶᠡᠩ ᠰᠢᠶᠠᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ ᠪᠣᠯᠤᠨ ᠬᠤᠶᠠᠷ ᠠᠵᠤ ᠠᠬᠤᠶᠢᠯᠠᠯ ᠪᠠᠰᠠ ᠪᠡᠯᠡᠭᠯᠡᠨ ᠬᠦᠷᠭᠡᠬᠦ ᠬᠡᠯᠡᠯᠴᠡᠭᠡᠷ | ᠲᠣᠭᠲᠠᠪᠠ᠃ | ︽ᠬᠡᠦᠬᠡᠳ ᠢ ᠬᠠᠯᠠᠮᠵᠢᠯᠠᠨ ᠬᠠᠶᠢᠷᠠᠯᠠᠵᠤ ᠥᠰᠦᠨ ᠪᠤᠶᠢᠵᠢᠬᠤ ᠬᠥᠳᠡᠯᠭᠡᠬᠦ ᠬᠦᠴᠦᠨ ᠤ ᠮᠥᠩᠭᠦ︾ ᠶᠢᠨ | ᠲᠥᠷᠥᠯ ᠵᠦᠢᠯ ᠲᠠᠢ ᠵᠡᠷᠭᠡᠪᠡᠷ ᠶᠠᠪᠤᠭᠳᠠᠭᠰᠠᠨ ᠶᠤᠮ᠂ ᠭᠦᠶᠡᠩ ᠰᠢᠶᠠᠨ ᠤ ᠡᠮᠡᠭᠲᠡᠶᠢᠴᠦᠳ ᠤᠨ ᠬᠤᠯᠪᠣᠭᠠᠲᠤ | ᠬᠤᠷᠠᠯ ᠤᠨ ᠪᠦᠬᠦ ᠬᠦᠴᠦᠨ ᠢᠶᠠᠷ ᠢᠶᠠᠨ ᠪᠠᠶᠢᠭᠤᠯᠤᠭᠰᠠᠨ ︽ᠬᠠᠶᠢᠷ᠎ᠠ ᠶᠢᠨ ᠰᠡᠳᠬᠢᠯᠳᠦ ᠡᠵᠢ︾ ᠶᠢᠨ ᠠᠵᠢᠯᠯᠠᠭ᠎ᠠ ᠨᠢ | ᠬᠠᠶᠢᠷ᠎ᠠ ᠬᠠᠯᠠᠮᠵᠢ ᠲᠠᠢ ᠰᠠᠶᠢᠨ ᠳᠤᠷ᠎ᠠ ᠶᠢᠨ ᠦᠢᠯᠡᠴᠢᠯᠡᠭᠴᠢ ᠶᠢ ᠡᠯᠰᠡᠬᠦ ᠪᠠᠷ ᠳᠠᠮᠵᠢᠭᠤᠯᠤᠨ᠂ ᠬᠦᠴᠢᠷᠳᠡᠯ ᠳᠤ | ᠲᠤᠯᠭᠠᠷᠠᠭᠰᠠᠨ ᠬᠡᠦᠬᠡᠳ ᠲᠠᠢ ᠬᠤᠣᠰᠯᠠᠨ ᠬᠠᠪᠰᠤᠷᠤᠨ ᠲᠡᠳᠬᠦᠵᠦ᠂ ᠲᠡᠳᠡᠨ ᠳᠤ ᠠᠮᠢᠳᠤᠷᠠᠯ ᠤᠨ ᠬᠠᠷᠠᠭᠠᠯᠵᠠᠯ᠂ | ᠰᠤᠷᠤᠯᠭ᠎ᠠ ᠶᠢᠨ ᠬᠠᠪᠰᠤᠷᠤᠨ ᠵᠢᠯᠣᠭᠤᠳᠣᠯᠭ᠎ᠠ᠂ ᠬᠠᠶᠢᠷ᠎ᠠ ᠬᠠᠯᠠᠮᠵᠢ ᠶᠢᠨ ᠬᠠᠨᠢ ᠪᠣᠯᠬᠤ ᠵᠢᠴᠢ ᠭᠡᠷ ᠤᠨ ᠪᠠᠭᠰᠢ ᠶᠢᠨ | ᠵᠢᠯᠣᠭᠤᠳᠣᠯᠭ᠎ᠠ ᠵᠡᠷᠭᠡ ᠪᠦᠬᠦ ᠲᠠᠯ᠎ᠠ ᠶᠢᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠬᠠᠩᠭᠠᠪᠠ᠃ ᠲᠡᠳᠡ ᠥᠪᠡᠷ ᠤᠨ | ᠬᠠᠶᠢᠷ᠎ᠠ ᠬᠠᠯᠠᠮᠵᠢ ᠪᠣᠯᠤᠨ ᠦᠢᠯᠡ ᠠᠵᠢᠯᠯᠠᠭ᠎ᠠ ᠪᠠᠷ ᠢᠶᠠᠨ ᠬᠡᠦᠬᠡᠳ ᠤᠳ ᠤᠨ ᠦᠰᠦᠨ ᠪᠤᠶᠢᠵᠢᠯᠲᠠ ᠳᠤ ᠲᠦᠰᠢᠭ | ᠲᠤᠯᠭᠠᠭᠤᠷᠢ ᠪᠤᠯᠪᠠ᠃ | |