ᠮᠠᠭᠲᠠᠭᠤᠰᠢᠲᠠᠢ ︕ ᠭᠦᠶᠡᠩ ᠠᠷᠠᠳ ᠤᠨ ᠰᠦᠯᠵᠢᠶᠡᠨ ᠳᠤ ᠭᠠᠷᠴᠤ᠂ ᠵᠢᠵᠢᠭ ᠰᠢᠶᠠᠨ ᠤ ᠬᠤᠳᠠᠨ ᠳᠤ ᠨᠠᠰᠤᠲᠠᠶᠢᠴᠤᠳ ᠤᠨ ᠶᠡᠭᠡ ᠰᠤᠷᠭᠠᠭᠤᠯᠢ ᠲᠠᠢ ᠪᠣᠯᠪᠠ
ᠨᠡᠶᠢᠲᠡᠯᠡᠭᠰᠡᠨ ᠴᠠᠭ᠄
2024/12/5
    11 ᠰᠠᠷ᠎ᠠ ᠶᠢᠨ 29 ᠤ ᠡᠳᠦᠷ᠂ ︽ᠠᠷᠠᠳ ᠤᠨ ᠰᠦᠯᠵᠢᠶ᠎ᠡ︾ ᠶᠢᠨ ᠥᠪᠥᠷ ᠮᠣᠩᠭᠤᠯ ᠤᠨ ᠰᠤᠪᠠᠭ ᠲᠤ ︽ᠪᠤᠭᠤᠲᠤ ᠬᠤᠲᠠ ᠶᠢᠨ ᠭᠦᠶᠡᠩ ᠰᠢᠶᠠᠨ᠄ ᠪᠠᠭ᠎ᠠ ᠰᠢᠶᠠᠨ ᠤ ᠬᠤᠲᠠ ᠳᠤ ᠨᠠᠰᠤᠲᠠᠶᠢᠴᠤᠳ ᠤᠨ ᠶᠡᠭᠡ ᠰᠤᠷᠭᠠᠭᠤᠯᠢ ᠲᠠᠢ ᠪᠣᠯᠵᠠᠢ︾ ᠭᠡᠬᠦ ᠵᠣᠬᠢᠶᠠᠯ ᠢ ᠨᠡᠶᠢᠲᠡᠯᠡᠪᠡ᠃ ᠭᠦᠶᠡᠩ ᠰᠢᠶᠠᠨ ᠤ ᠰᠠᠭᠤᠭᠠᠯᠢ ᠠᠷᠠᠳ ᠤᠨ ᠥᠲᠡᠯᠦᠭᠡ ᠨᠠᠰᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠪᠤᠭᠤᠲᠤ ᠬᠤᠲᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠭᠦᠶᠡᠩ ᠳᠤ ᠬᠤᠪᠢᠶᠠᠷᠢ ᠰᠤᠷᠭᠠᠭᠤᠯᠢ ᠨᠡᠭᠡᠭᠡᠪᠡ᠃    ︽ᠭᠡᠷ ᠤᠨ ᠡᠭᠦᠳᠡᠨ ᠳᠤ ᠶᠡᠭᠡ ᠰᠤᠷᠭᠠᠭᠤᠯᠢ ᠳᠤ ᠣᠷᠣᠵᠤ ᠪᠣᠯᠤᠨ᠎ᠠ᠂ ᠦᠨᠡᠬᠡᠷ ᠲᠥᠬᠦᠮ᠂ ᠪᠢ ᠶᠡᠷᠦ ᠳᠡᠭᠡᠨ ᠳᠠᠭᠤᠨ ᠬᠥᠭᠵᠢᠮ ᠰᠤᠷᠬᠤ ᠳᠤᠷᠠᠲᠠᠢ᠂ ᠥᠩᠭᠡᠷᠡᠭᠰᠡᠨ ᠳᠤ ᠵᠥᠪᠬᠡᠨ ᠥᠪᠡᠷ ᠢᠶᠠᠨ ᠰᠤᠷᠤᠯᠴᠠᠵᠤ᠂ ᠰᠢᠰᠲ᠋ᠧᠮ ᠲᠠᠢ ᠵᠢᠷᠤᠮᠵᠢᠭᠰᠠᠨ ᠰᠤᠷᠤᠯᠴᠠᠯᠭ᠎ᠠ ᠬᠢᠭᠰᠡᠨ ᠦᠭᠡᠢ᠂ ᠡᠨᠡ ᠤᠳᠠᠭ᠎ᠠ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠫᠠᠶᠢᠰᠠ ᠰᠡᠬᠦᠵᠦ᠂ ᠪᠠᠰᠠ ᠬᠥᠭᠵᠢᠮ ᠤᠨ ᠠᠩᠭᠢ ᠨᠡᠭᠡᠭᠡᠪᠡ᠂ ᠪᠢ ᠲᠡᠷᠡ ᠳᠠᠷᠤᠢ ᠳᠤᠨᠢ ᠨᠡᠷ᠎ᠡ ᠮᠡᠳᠡᠭᠦᠯᠪᠡ᠂ ᠡᠨᠡ ᠪᠣᠯ ᠮᠢᠨᠦ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠨᠢᠭᠡ ᠬᠤᠭᠤᠴᠠᠭᠠᠨ ᠤ ᠰᠢᠨ᠎ᠡ ᠠᠮᠢᠳᠤᠷᠠᠯ ᠤᠨ ᠡᠬᠢᠯᠡᠯᠲᠡ ᠪᠣᠯᠤᠨ᠎ᠠ᠃ ᠣᠶᠢᠷ᠎ᠠ ᠳᠤ᠂ ᠪᠤᠭᠤᠲᠤ ᠬᠤᠲᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠭᠦᠶᠡᠩ ᠬᠤᠪᠢᠶᠠᠷᠢ ᠰᠤᠷᠭᠠᠭᠤᠯᠢ ᠶᠢᠨ ᠫᠠᠶᠢᠰᠠ ᠰᠡᠬᠦᠬᠦ ᠶᠣᠰᠣᠯᠠᠯ ᠳᠡᠭᠡᠷ᠎ᠡ᠂ ᠰᠤᠷᠤᠭᠴᠢ ᠹᠠᠨ ᠶᠢᠨ ᠱᠢᠶᠠᠩ ᠰᠡᠳᠬᠢᠯ ᠳᠦᠭᠦᠷᠡᠩ ᠪᠠᠶᠠᠷᠯᠠᠵᠤ ᠬᠡᠯᠡᠪᠡ᠃    ᠮᠡᠳᠡᠯᠭᠡ ᠶᠢ ᠨᠡᠮᠡᠭᠳᠡᠭᠦᠯᠵᠦ᠂ ᠠᠮᠢᠳᠤᠷᠠᠯ ᠢᠶᠠᠨ ᠪᠠᠶᠠᠯᠢᠭᠵᠢᠭᠤᠯᠤᠨ᠂ ᠦᠵᠡᠯ ᠰᠠᠨᠠᠭ᠎ᠠ ᠪᠠᠨ ᠪᠣᠯᠪᠠᠰᠤᠷᠠᠭᠤᠯᠵᠤ᠂ ᠡᠷᠡᠭᠦᠯ ᠮᠡᠨᠳᠦ ᠶᠢ ᠠᠬᠢᠭᠤᠯᠤᠨ᠂ ᠨᠡᠶᠢᠭᠡᠮ ᠳᠤ ᠦᠢᠯᠡᠴᠢᠯᠡᠬᠦ ᠲᠠᠯ᠎ᠠ ᠪᠠᠷ ᠨᠢᠭᠡᠨᠲᠡ ᠣᠳᠣ ᠦᠶ᠎ᠡ ᠶᠢᠨ ᠨᠠᠰᠤᠲᠠᠶᠢᠴᠤᠳ ᠤᠨ ᠴᠠᠭ ᠦᠶ᠎ᠡ ᠶᠢᠨ ᠳᠦᠷᠰᠦ ᠪᠠᠶᠢᠳᠠᠯ ᠪᠠ ᠣᠶᠤᠨ ᠰᠠᠨᠠᠭᠠᠨ ᠤ ᠬᠥᠭᠡᠭᠡᠴᠡᠯᠳᠦᠯ ᠪᠣᠯᠵᠤ᠂ ᠤᠯᠠᠮ ᠠᠴᠠ ᠤᠯᠠᠮ ᠣᠯᠠᠨ ᠨᠠᠰᠤᠲᠠᠶᠢᠴᠤᠳ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠣᠷᠣᠵᠤ ᠦᠷᠭᠦᠯᠵᠢᠯᠡᠨ ᠰᠤᠷᠤᠯᠴᠠᠵᠤ ᠡᠬᠢᠯᠡᠪᠡ᠃ ᠰᠤᠷᠤᠯᠭ᠎ᠠ ᠡᠬᠢᠯᠡᠬᠦ ᠲᠤᠬᠠᠢ ᠶᠢᠨ ᠲᠠᠯᠠᠪᠠᠢ ᠳᠤ᠂ ᠰᠤᠷᠪᠤᠯᠵᠢᠯᠠᠭᠴᠢ ᠣᠯᠵᠤ ᠬᠠᠷᠠᠭᠰᠠᠨ ᠨᠢ᠂ 220 ᠭᠠᠷᠤᠢ ᠨᠠᠰᠤᠲᠠᠨ ᠶᠠᠭ ᠪᠠᠭᠰᠢ ᠤᠷᠢᠵᠤ ᠬᠢᠴᠢᠶᠡᠯᠯᠡᠬᠦ ᠶᠢᠨ ᠬᠠᠮᠲᠤ ᠰᠡᠳᠬᠢᠯ ᠲᠠᠯᠪᠢᠨ ᠲᠡᠮᠳᠡᠭᠯᠡᠯ ᠬᠢᠵᠦ ᠪᠠᠶᠢᠬᠤ ᠶᠢ ᠣᠯᠵᠤ ᠬᠠᠷᠠᠪᠠ᠃    ᠲᠠᠨᠢᠯᠴᠠᠭᠤᠯᠤᠭᠰᠠᠨ ᠢᠶᠠᠷ᠂ ᠭᠦᠶᠡᠩ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠤᠷᠠᠨ ᠪᠢᠴᠢᠯᠭᠡ ᠂ ᠪᠣᠷᠣ ᠵᠢᠷᠤᠭ ᠵᠡᠷᠭᠡ 9 ᠲᠤᠰᠬᠠᠢ ᠮᠡᠷᠭᠡᠵᠢᠯ ᠨᠡᠭᠡᠭᠡᠵᠦ᠂ ᠭᠠᠷᠠᠭ ᠪᠦᠷᠢ 2 ᠬᠢᠴᠢᠶᠡᠯ ᠤᠨ ᠴᠠᠭ ᠲᠣᠬᠢᠷᠠᠭᠤᠯᠵᠤ᠂ ᠬᠢᠴᠢᠶᠡᠯ ᠪᠦᠷᠢ ᠶᠢᠨ ᠴᠠᠭ ᠨᠢ 90 ᠮᠢᠨᠦ᠋ᠲ᠂ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠳᠤ ᠲᠤᠰᠬᠠᠢ ᠮᠡᠷᠭᠡᠵᠢᠯᠳᠡᠨ ᠤᠷᠢᠵᠤ ᠬᠢᠴᠢᠶᠡᠯᠯᠡᠵᠦ᠂ ᠰᠤᠷᠭᠠᠭᠤᠯᠢ ᠶᠢᠨ ᠳᠦᠷᠢᠮ ᠨᠢ 2 ᠵᠢᠯ ᠪᠣᠯᠤᠨ᠎ᠠ᠃ ᠭᠦᠶᠡᠩ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠶᠢ ᠡᠭᠦᠳᠦᠨ ᠪᠠᠶᠢᠭᠤᠯᠤᠭᠰᠠᠨ ᠨᠢ ᠲᠤᠰ ᠰᠢᠶᠠᠨ ᠤ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠠᠵᠢᠯᠲᠠᠨ ᠠᠵᠢᠯᠴᠢᠨ ᠤ ᠰᠤᠷᠤᠯᠴᠠᠯᠭ᠎ᠠ ᠳᠤ ᠣᠷᠣᠯᠴᠠᠬᠤ ᠬᠦᠰᠡᠯ ᠡᠷᠡᠮᠡᠯᠵᠡᠯ ᠢ ᠬᠠᠩᠭᠠᠭᠰᠠᠨ ᠢᠶᠠᠷ ᠪᠠᠷᠠᠬᠤ ᠦᠭᠡᠢ᠂ ᠡᠭᠦᠨ ᠤ ᠬᠠᠮᠲᠤ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠣᠯᠠᠨ ᠵᠦᠢᠯ ᠤᠨ ᠬᠡᠯᠪᠡᠷᠢ ᠪᠠᠷ ᠰᠤᠷᠭᠠᠭᠤᠯᠢ ᠡᠷᠬᠢᠯᠡᠬᠦ ᠠᠰᠢᠭᠲᠠᠢ ᠰᠥᠪᠡᠭᠴᠢᠯᠡᠯᠲᠡ ᠪᠠ ᠲᠤᠷᠰᠢᠯᠲᠠ ᠪᠣᠯᠤᠨ᠎ᠠ᠂ ᠭᠦᠶᠡᠩ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠪᠤᠴᠠ ᠳᠠᠬᠢ ᠨᠢᠭᠡ ᠤᠳᠠᠭ᠎ᠠ ᠶᠢᠨ ᠥᠷᠭᠡᠵᠢᠯ ᠪᠣᠯᠤᠨ᠎ᠠ᠃    ︽ᠭᠦᠶᠡᠩ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠫᠠᠶᠢᠰᠠ ᠡᠯᠭᠦᠨ ᠪᠠᠶᠢᠭᠤᠯᠤᠭᠳᠠᠭᠰᠠᠨ ᠶᠠᠪᠤᠳᠠᠯ ᠪᠣᠯ ᠠᠬᠠᠮᠠᠳ ᠨᠥᠬᠦᠳ ᠤᠨ ᠤᠯᠤᠰ ᠲᠥᠷᠥ ᠶᠢᠨ ᠲᠠᠯ᠎ᠠ ᠪᠠᠷ ᠬᠦᠨᠳᠦᠳᠬᠡᠬᠦ᠂ ᠦᠵᠡᠯ ᠰᠠᠨᠠᠭᠠᠨ ᠤ ᠲᠠᠯ᠎ᠠ ᠪᠠᠷ ᠬᠠᠯᠠᠮᠵᠢᠯᠠᠬᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠬᠤ ᠪᠣᠳᠠᠲᠠᠢ ᠢᠯᠡᠷᠡᠯ ᠮᠥᠨ᠂ ᠨᠡᠩ ᠴᠤ ᠭᠦᠶᠡᠩ ᠰᠢᠶᠠᠨ ᠤ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠤ ᠨᠠᠰᠤᠲᠠᠶᠢᠴᠤᠳ ᠤᠨ ᠠᠮᠢᠳᠤᠷᠠᠯ ᠳᠠᠬᠢ ᠨᠢᠭᠡᠨ ᠪᠠᠶᠠᠷ ᠤᠨ ᠶᠠᠪᠤᠳᠠᠯ ᠮᠥᠨ᠃ ᠪᠢᠳᠡ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠬᠠᠮᠠᠳ ᠨᠥᠬᠦᠳ ᠤᠨ ᠡᠷᠳᠡᠮ ᠮᠡᠳᠡᠯᠭᠡ ᠰᠤᠷᠬᠤ᠂ ᠪᠠᠶᠠᠷ ᠪᠠᠶᠠᠰᠤᠯ ᠢ ᠬᠥᠭᠡᠭᠡᠴᠡᠯᠳᠦᠬᠦ ᠬᠦᠰᠡᠯ ᠡᠷᠡᠮᠡᠯᠵᠡᠯ ᠪᠠ ᠳᠤᠷ᠎ᠠ ᠰᠣᠨᠢᠷᠬᠠᠯ ᠢ ᠬᠠᠩᠭᠠᠵᠤ᠂ ᠣᠯᠠᠨ ᠤ ᠥᠲᠡᠯᠦᠭᠡ ᠨᠠᠰᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ ᠬᠡᠵᠦ᠂ ᠭᠦᠶᠡᠩ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠨᠡᠷ᠎ᠡ ᠬᠦᠨᠳᠦᠲᠦ ᠵᠠᠬᠢᠷᠤᠯ ᠸᠠᠩ ᠰᠢᠶᠠᠩ ᠯᠢᠨ ᠢᠯᠡᠳᠬᠡᠪᠡ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号