11 ᠰᠠᠷ᠎ᠠ ᠶᠢᠨ 29 ᠤ ᠡᠳᠦᠷ᠂ ︽ᠠᠷᠠᠳ ᠤᠨ ᠰᠦᠯᠵᠢᠶ᠎ᠡ︾ ᠶᠢᠨ ᠥᠪᠥᠷ ᠮᠣᠩᠭᠤᠯ ᠤᠨ ᠰᠤᠪᠠᠭ ᠲᠤ ︽ | ᠪᠤᠭᠤᠲᠤ ᠬᠤᠲᠠ ᠶᠢᠨ ᠭᠦᠶᠡᠩ ᠰᠢᠶᠠᠨ᠄ ᠪᠠᠭ᠎ᠠ ᠰᠢᠶᠠᠨ ᠤ ᠬᠤᠲᠠ ᠳᠤ ᠨᠠᠰᠤᠲᠠᠶᠢᠴᠤᠳ ᠤᠨ ᠶᠡᠭᠡ | ᠰᠤᠷᠭᠠᠭᠤᠯᠢ ᠲᠠᠢ ᠪᠣᠯᠵᠠᠢ︾ ᠭᠡᠬᠦ ᠵᠣᠬᠢᠶᠠᠯ ᠢ ᠨᠡᠶᠢᠲᠡᠯᠡᠪᠡ᠃ ᠭᠦᠶᠡᠩ ᠰᠢᠶᠠᠨ ᠤ ᠰᠠᠭᠤᠭᠠᠯᠢ ᠠᠷᠠᠳ ᠤᠨ | ᠥᠲᠡᠯᠦᠭᠡ ᠨᠠᠰᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠪᠤᠭᠤᠲᠤ ᠬᠤᠲᠠ ᠶᠢᠨ | ᠨᠠᠰᠤᠲᠠᠶᠢᠴᠤᠳ ᠤᠨ ᠶᠡᠭᠡ ᠰᠤᠷᠭᠠᠭᠤᠯᠢ ᠭᠦᠶᠡᠩ ᠳᠤ ᠬᠤᠪᠢᠶᠠᠷᠢ ᠰᠤᠷᠭᠠᠭᠤᠯᠢ ᠨᠡᠭᠡᠭᠡᠪᠡ᠃ | ︽ᠭᠡᠷ ᠤᠨ ᠡᠭᠦᠳᠡᠨ ᠳᠤ ᠶᠡᠭᠡ ᠰᠤᠷᠭᠠᠭᠤᠯᠢ ᠳᠤ ᠣᠷᠣᠵᠤ ᠪᠣᠯᠤᠨ᠎ᠠ᠂ ᠦᠨᠡᠬᠡᠷ ᠲᠥᠬᠦᠮ᠂ ᠪᠢ ᠶᠡᠷᠦ ᠳᠡᠭᠡᠨ | ᠳᠠᠭᠤᠨ ᠬᠥᠭᠵᠢᠮ ᠰᠤᠷᠬᠤ ᠳᠤᠷᠠᠲᠠᠢ᠂ ᠥᠩᠭᠡᠷᠡᠭᠰᠡᠨ ᠳᠤ ᠵᠥᠪᠬᠡᠨ ᠥᠪᠡᠷ ᠢᠶᠠᠨ ᠰᠤᠷᠤᠯᠴᠠᠵᠤ᠂ ᠰᠢᠰᠲ᠋ᠧᠮ ᠲᠠᠢ | ᠵᠢᠷᠤᠮᠵᠢᠭᠰᠠᠨ ᠰᠤᠷᠤᠯᠴᠠᠯᠭ᠎ᠠ ᠬᠢᠭᠰᠡᠨ ᠦᠭᠡᠢ᠂ ᠡᠨᠡ ᠤᠳᠠᠭ᠎ᠠ ᠨᠠᠰᠤᠲᠠᠶᠢᠴᠤᠳ ᠤᠨ ᠶᠡᠭᠡ ᠰᠤᠷᠭᠠᠭᠤᠯᠢ ᠳᠤ | ᠫᠠᠶᠢᠰᠠ ᠰᠡᠬᠦᠵᠦ᠂ ᠪᠠᠰᠠ ᠬᠥᠭᠵᠢᠮ ᠤᠨ ᠠᠩᠭᠢ ᠨᠡᠭᠡᠭᠡᠪᠡ᠂ ᠪᠢ ᠲᠡᠷᠡ ᠳᠠᠷᠤᠢ ᠳᠤᠨᠢ ᠨᠡᠷ᠎ᠡ ᠮᠡᠳᠡᠭᠦᠯᠪᠡ᠂ ᠡᠨᠡ | ᠪᠣᠯ ᠮᠢᠨᠦ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠨᠢᠭᠡ ᠬᠤᠭᠤᠴᠠᠭᠠᠨ ᠤ ᠰᠢᠨ᠎ᠡ ᠠᠮᠢᠳᠤᠷᠠᠯ ᠤᠨ ᠡᠬᠢᠯᠡᠯᠲᠡ | ᠪᠣᠯᠤᠨ᠎ᠠ᠃ ᠣᠶᠢᠷ᠎ᠠ ᠳᠤ᠂ ᠪᠤᠭᠤᠲᠤ ᠬᠤᠲᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠭᠦᠶᠡᠩ | ᠬᠤᠪᠢᠶᠠᠷᠢ ᠰᠤᠷᠭᠠᠭᠤᠯᠢ ᠶᠢᠨ ᠫᠠᠶᠢᠰᠠ ᠰᠡᠬᠦᠬᠦ ᠶᠣᠰᠣᠯᠠᠯ ᠳᠡᠭᠡᠷ᠎ᠡ᠂ ᠰᠤᠷᠤᠭᠴᠢ ᠹᠠᠨ ᠶᠢᠨ ᠱᠢᠶᠠᠩ ᠰᠡᠳᠬᠢᠯ | ᠳᠦᠭᠦᠷᠡᠩ ᠪᠠᠶᠠᠷᠯᠠᠵᠤ ᠬᠡᠯᠡᠪᠡ᠃ | | | | | | ᠮᠡᠳᠡᠯᠭᠡ ᠶᠢ ᠨᠡᠮᠡᠭᠳᠡᠭᠦᠯᠵᠦ᠂ ᠠᠮᠢᠳᠤᠷᠠᠯ ᠢᠶᠠᠨ ᠪᠠᠶᠠᠯᠢᠭᠵᠢᠭᠤᠯᠤᠨ᠂ ᠦᠵᠡᠯ ᠰᠠᠨᠠᠭ᠎ᠠ ᠪᠠᠨ ᠪᠣᠯᠪᠠᠰᠤᠷᠠᠭᠤᠯᠵᠤ᠂ | ᠡᠷᠡᠭᠦᠯ ᠮᠡᠨᠳᠦ ᠶᠢ ᠠᠬᠢᠭᠤᠯᠤᠨ᠂ ᠨᠡᠶᠢᠭᠡᠮ ᠳᠤ ᠦᠢᠯᠡᠴᠢᠯᠡᠬᠦ ᠲᠠᠯ᠎ᠠ ᠪᠠᠷ ᠨᠢᠭᠡᠨᠲᠡ ᠣᠳᠣ ᠦᠶ᠎ᠡ ᠶᠢᠨ | ᠨᠠᠰᠤᠲᠠᠶᠢᠴᠤᠳ ᠤᠨ ᠴᠠᠭ ᠦᠶ᠎ᠡ ᠶᠢᠨ ᠳᠦᠷᠰᠦ ᠪᠠᠶᠢᠳᠠᠯ ᠪᠠ ᠣᠶᠤᠨ ᠰᠠᠨᠠᠭᠠᠨ ᠤ ᠬᠥᠭᠡᠭᠡᠴᠡᠯᠳᠦᠯ ᠪᠣᠯᠵᠤ᠂ | ᠤᠯᠠᠮ ᠠᠴᠠ ᠤᠯᠠᠮ ᠣᠯᠠᠨ ᠨᠠᠰᠤᠲᠠᠶᠢᠴᠤᠳ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠣᠷᠣᠵᠤ ᠦᠷᠭᠦᠯᠵᠢᠯᠡᠨ | ᠰᠤᠷᠤᠯᠴᠠᠵᠤ ᠡᠬᠢᠯᠡᠪᠡ᠃ ᠰᠤᠷᠤᠯᠭ᠎ᠠ ᠡᠬᠢᠯᠡᠬᠦ ᠲᠤᠬᠠᠢ ᠶᠢᠨ ᠲᠠᠯᠠᠪᠠᠢ ᠳᠤ᠂ ᠰᠤᠷᠪᠤᠯᠵᠢᠯᠠᠭᠴᠢ ᠣᠯᠵᠤ | ᠬᠠᠷᠠᠭᠰᠠᠨ ᠨᠢ᠂ 220 ᠭᠠᠷᠤᠢ ᠨᠠᠰᠤᠲᠠᠨ ᠶᠠᠭ ᠪᠠᠭᠰᠢ ᠤᠷᠢᠵᠤ ᠬᠢᠴᠢᠶᠡᠯᠯᠡᠬᠦ ᠶᠢᠨ ᠬᠠᠮᠲᠤ ᠰᠡᠳᠬᠢᠯ ᠲᠠᠯᠪᠢᠨ | ᠲᠡᠮᠳᠡᠭᠯᠡᠯ ᠬᠢᠵᠦ ᠪᠠᠶᠢᠬᠤ ᠶᠢ ᠣᠯᠵᠤ ᠬᠠᠷᠠᠪᠠ᠃ | | | | | | ᠲᠠᠨᠢᠯᠴᠠᠭᠤᠯᠤᠭᠰᠠᠨ ᠢᠶᠠᠷ᠂ ᠭᠦᠶᠡᠩ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠤᠷᠠᠨ ᠪᠢᠴᠢᠯᠭᠡ | ᠂ ᠪᠣᠷᠣ ᠵᠢᠷᠤᠭ ᠵᠡᠷᠭᠡ 9 ᠲᠤᠰᠬᠠᠢ ᠮᠡᠷᠭᠡᠵᠢᠯ ᠨᠡᠭᠡᠭᠡᠵᠦ᠂ ᠭᠠᠷᠠᠭ ᠪᠦᠷᠢ 2 ᠬᠢᠴᠢᠶᠡᠯ ᠤᠨ ᠴᠠᠭ ᠲᠣᠬᠢᠷᠠᠭᠤᠯᠵᠤ᠂ | ᠬᠢᠴᠢᠶᠡᠯ ᠪᠦᠷᠢ ᠶᠢᠨ ᠴᠠᠭ ᠨᠢ 90 ᠮᠢᠨᠦ᠋ᠲ᠂ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠳᠤ ᠲᠤᠰᠬᠠᠢ | ᠮᠡᠷᠭᠡᠵᠢᠯᠳᠡᠨ ᠤᠷᠢᠵᠤ ᠬᠢᠴᠢᠶᠡᠯᠯᠡᠵᠦ᠂ ᠰᠤᠷᠭᠠᠭᠤᠯᠢ ᠶᠢᠨ ᠳᠦᠷᠢᠮ ᠨᠢ 2 ᠵᠢᠯ ᠪᠣᠯᠤᠨ᠎ᠠ᠃ ᠭᠦᠶᠡᠩ ᠰᠢᠶᠠᠨ ᠤ | ᠨᠠᠰᠤᠲᠠᠶᠢᠴᠤᠳ ᠤᠨ ᠶᠡᠭᠡ ᠰᠤᠷᠭᠠᠭᠤᠯᠢ ᠶᠢ ᠡᠭᠦᠳᠦᠨ ᠪᠠᠶᠢᠭᠤᠯᠤᠭᠰᠠᠨ ᠨᠢ ᠲᠤᠰ ᠰᠢᠶᠠᠨ ᠤ ᠠᠵᠢᠯ ᠠᠴᠠ ᠪᠠᠨ | ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠠᠵᠢᠯᠲᠠᠨ ᠠᠵᠢᠯᠴᠢᠨ ᠤ ᠰᠤᠷᠤᠯᠴᠠᠯᠭ᠎ᠠ ᠳᠤ | ᠣᠷᠣᠯᠴᠠᠬᠤ ᠬᠦᠰᠡᠯ ᠡᠷᠡᠮᠡᠯᠵᠡᠯ ᠢ ᠬᠠᠩᠭᠠᠭᠰᠠᠨ ᠢᠶᠠᠷ ᠪᠠᠷᠠᠬᠤ ᠦᠭᠡᠢ᠂ ᠡᠭᠦᠨ ᠤ ᠬᠠᠮᠲᠤ ᠨᠠᠰᠤᠲᠠᠶᠢᠴᠤᠳ ᠤᠨ | ᠰᠤᠷᠭᠠᠨ ᠬᠥᠮᠦᠵᠢᠯ ᠤᠨ ᠣᠯᠠᠨ ᠵᠦᠢᠯ ᠤᠨ ᠬᠡᠯᠪᠡᠷᠢ ᠪᠠᠷ ᠰᠤᠷᠭᠠᠭᠤᠯᠢ ᠡᠷᠬᠢᠯᠡᠬᠦ ᠠᠰᠢᠭᠲᠠᠢ ᠰᠥᠪᠡᠭᠴᠢᠯᠡᠯᠲᠡ ᠪᠠ | ᠲᠤᠷᠰᠢᠯᠲᠠ ᠪᠣᠯᠤᠨ᠎ᠠ᠂ ᠭᠦᠶᠡᠩ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠠᠰᠤᠲᠠᠶᠢᠴᠤᠳ ᠤᠨ | ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠪᠤᠴᠠ ᠳᠠᠬᠢ ᠨᠢᠭᠡ ᠤᠳᠠᠭ᠎ᠠ ᠶᠢᠨ ᠥᠷᠭᠡᠵᠢᠯ ᠪᠣᠯᠤᠨ᠎ᠠ᠃ | ︽ᠭᠦᠶᠡᠩ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠫᠠᠶᠢᠰᠠ ᠡᠯᠭᠦᠨ ᠪᠠᠶᠢᠭᠤᠯᠤᠭᠳᠠᠭᠰᠠᠨ ᠶᠠᠪᠤᠳᠠᠯ | ᠪᠣᠯ ᠠᠬᠠᠮᠠᠳ ᠨᠥᠬᠦᠳ ᠤᠨ ᠤᠯᠤᠰ ᠲᠥᠷᠥ ᠶᠢᠨ ᠲᠠᠯ᠎ᠠ ᠪᠠᠷ ᠬᠦᠨᠳᠦᠳᠬᠡᠬᠦ᠂ ᠦᠵᠡᠯ ᠰᠠᠨᠠᠭᠠᠨ ᠤ ᠲᠠᠯ᠎ᠠ ᠪᠠᠷ | ᠬᠠᠯᠠᠮᠵᠢᠯᠠᠬᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠬᠤ ᠪᠣᠳᠠᠲᠠᠢ ᠢᠯᠡᠷᠡᠯ ᠮᠥᠨ᠂ ᠨᠡᠩ ᠴᠤ ᠭᠦᠶᠡᠩ ᠰᠢᠶᠠᠨ ᠤ | ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠤ | ᠨᠠᠰᠤᠲᠠᠶᠢᠴᠤᠳ ᠤᠨ ᠠᠮᠢᠳᠤᠷᠠᠯ ᠳᠠᠬᠢ ᠨᠢᠭᠡᠨ ᠪᠠᠶᠠᠷ ᠤᠨ ᠶᠠᠪᠤᠳᠠᠯ ᠮᠥᠨ᠃ ᠪᠢᠳᠡ ᠬᠠᠮᠤᠭ ᠤᠨ ᠶᠡᠭᠡ ᠴᠢᠷᠮᠠᠶᠢᠯᠭ᠎ᠠ | ᠭᠠᠷᠭᠠᠵᠤ ᠪᠠᠶᠢᠭᠠᠳ ᠠᠬᠠᠮᠠᠳ ᠨᠥᠬᠦᠳ ᠤᠨ ᠡᠷᠳᠡᠮ ᠮᠡᠳᠡᠯᠭᠡ ᠰᠤᠷᠬᠤ᠂ ᠪᠠᠶᠠᠷ ᠪᠠᠶᠠᠰᠤᠯ ᠢ ᠬᠥᠭᠡᠭᠡᠴᠡᠯᠳᠦᠬᠦ | ᠬᠦᠰᠡᠯ ᠡᠷᠡᠮᠡᠯᠵᠡᠯ ᠪᠠ ᠳᠤᠷ᠎ᠠ ᠰᠣᠨᠢᠷᠬᠠᠯ ᠢ ᠬᠠᠩᠭᠠᠵᠤ᠂ ᠣᠯᠠᠨ ᠤ ᠥᠲᠡᠯᠦᠭᠡ ᠨᠠᠰᠤᠨ ᠤ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠤᠨ᠎ᠠ ᠬᠡᠵᠦ᠂ ᠭᠦᠶᠡᠩ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ᠂ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠨᠡᠷ᠎ᠡ ᠬᠦᠨᠳᠦᠲᠦ ᠵᠠᠬᠢᠷᠤᠯ ᠸᠠᠩ ᠰᠢᠶᠠᠩ | ᠯᠢᠨ ᠢᠯᠡᠳᠬᠡᠪᠡ᠃ | |