ᠶᠢᠨ ᠬᠤᠤ ᠪᠠᠯᠭᠠᠰᠤᠨ ᠤ ᠳ᠋ᠦᠩ ᠶᠤᠸᠠᠨ ᠶᠥᠩ ᠼᠦᠨ ᠡᠪᠡᠳᠴᠢᠨ ᠲᠠᠢ ᠨᠠᠰᠤᠲᠠᠨ ᠢ ᠨᠠᠰᠤᠳᠠᠨ ᠢ ᠠᠰᠠᠷᠠᠬᠤ ᠭᠠᠵᠠᠷ ᠲᠤ ᠬᠦᠷᠭᠡᠪᠡ
ᠨᠡᠶᠢᠲᠡᠯᠡᠭᠰᠡᠨ ᠴᠠᠭ᠄
2024/12/5
    ᠲᠣᠰᠬᠤᠨ ᠤ ᠬᠤᠶᠠᠷ ᠵᠥᠪᠯᠡᠯ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠠᠮᠤᠭ ᠤᠨ ᠶᠡᠭᠡ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ︽ᠠᠷᠠᠳ ᠤᠨ ᠲᠥᠯᠥᠭᠡ ᠪᠣᠳᠠᠲᠠᠢ ᠠᠵᠢᠯ ᠬᠢᠬᠦ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠵᠤ᠂ ᠣᠶᠢᠷ᠎ᠠ ᠳᠤ᠂ ᠶᠢᠨ ᠬᠤᠤ ᠪᠠᠯᠭᠠᠰᠤᠨ ᠤ ᠳ᠋ᠦᠩ ᠶᠤᠸᠠᠨ ᠶᠥᠩ ᠲᠣᠰᠬᠤᠨ ᠤ ᠬᠤᠶᠠᠷ ᠵᠥᠪᠯᠡᠯ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠠᠴᠠ ᠲᠣᠰᠬᠤᠨ ᠳᠤ ᠰᠠᠭᠤᠭ᠎ᠠ ᠡᠪᠡᠳᠴᠢᠨ ᠲᠠᠢ ᠨᠠᠰᠤᠳᠠᠨ ᠢ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠭᠡᠪᠡ᠃   ᠲᠣᠰᠬᠤᠨ ᠤ ᠬᠤᠶᠠᠷ ᠵᠥᠪᠯᠡᠯ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠨᠠᠰᠤᠲᠠᠨ ᠢ ᠡᠮᠨᠡᠯᠭᠡ ᠳᠤ ᠬᠦᠷᠭᠡᠵᠦ ᠡᠮᠨᠡᠭᠦᠯᠬᠦ ᠪᠥᠭᠡᠳ ᠨᠠᠰᠤᠲᠠᠨ ᠢ ᠠᠰᠠᠷᠠᠬᠤ ᠭᠠᠵᠠᠷ ᠲᠤ ᠰᠢᠯᠵᠢᠭᠦᠯᠦᠨ ᠬᠦᠷᠭᠡᠵᠦ ᠨᠠᠰᠤᠲᠠᠨ ᠢ ᠬᠠᠪᠰᠤᠷᠴᠤ ᠣᠷᠣᠵᠤ ᠰᠠᠭᠤᠬᠤ ᠭᠠᠷ ᠭᠦᠢᠴᠡᠳᠬᠡᠯ ᠬᠢᠯᠭᠡᠪᠡ᠃ ᠡᠪᠡᠳᠴᠢᠯᠡᠭᠰᠡᠨ ᠨᠠᠰᠤᠲᠠᠳ ᠲᠤ ᠠᠩᠬᠠᠷᠤᠯ ᠪᠠ ᠬᠠᠶᠢᠷ᠎ᠠ ᠬᠠᠯᠠᠮᠵᠢ ᠬᠦᠷᠭᠡᠭᠰᠡᠨ ᠢᠶᠠᠷ ᠪᠠᠷᠠᠬᠤ ᠦᠭᠡᠢ᠂ ᠪᠠᠰᠠ ᠡᠮᠨᠡᠯᠭᠡ ᠳᠤ ᠰᠠᠭᠤᠭᠰᠠᠨ ᠬᠡᠰᠡᠭ ᠪᠡᠯᠡ ᠮᠥᠩᠭᠦ ᠶᠢ ᠣᠷᠣᠯᠠᠨ ᠥᠭᠭᠦᠭᠰᠡᠨ ᠪᠠᠶᠢᠨ᠎ᠠ᠃ ᠲᠣᠰᠬᠤᠨ ᠤ ᠠᠷᠠᠳ ᠲᠠᠢ ᠤᠯᠠᠮ ᠨᠢᠭᠡ ᠠᠯᠬᠤᠮ ᠣᠶᠢᠷᠠᠲᠤᠵᠤ᠂ ᠡᠪᠡᠳᠴᠢᠯᠡᠭᠰᠡᠨ ᠨᠠᠰᠤᠲᠠᠨ ᠳᠤ ᠨᠡᠶᠢᠭᠡᠮ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠪᠡ᠃    ᠶᠢᠨ ᠬᠤᠤ ᠪᠠᠯᠭᠠᠰᠤᠨ ᠤ ᠳ᠋ᠦᠩ ᠶᠤᠸᠠᠨ ᠶᠥᠩ ᠲᠣᠰᠬᠤᠨ ᠪᠠᠭᠤᠷᠠᠶᠢᠴᠤᠤᠯ ᠢ ᠬᠠᠯᠠᠮᠵᠢᠯᠠᠨ ᠬᠠᠶᠢᠷᠠᠯᠠᠬᠤ ᠲᠥᠷᠥ ᠶᠢᠨ ᠪᠣᠳᠣᠯᠭ᠎ᠠ ᠶᠢ ᠢᠮᠠᠭᠲᠠ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠦᠴᠢᠷᠳᠡᠯᠲᠡᠢ ᠣᠯᠠᠨ ᠲᠦᠮᠡᠨ ᠳᠤ ᠴᠢᠬᠤᠯᠠ ᠪᠦᠬᠦᠢ ᠬᠠᠪᠰᠤᠷᠤᠯᠭ᠎ᠠ ᠪᠠ ᠦᠢᠯᠡᠴᠢᠯᠡᠭᠡ ᠬᠠᠩᠭᠠᠵᠤ᠂ ᠲᠡᠳᠡᠨ ᠳᠤ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠬᠦ ᠬᠡᠷᠡᠭᠲᠡᠢ᠃ ᠳ᠋ᠦᠩ ᠶᠤᠸᠠᠨ ᠶᠥᠩ ᠲᠣᠰᠬᠤᠨ ︽ᠪᠢ ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠪᠠᠷ ᠦᠷᠭᠦᠯᠵᠢᠯᠡᠨ ᠲᠣᠰᠬᠤᠨ ᠤ ᠠᠷᠠᠳ ᠤᠨ ᠵᠥᠪᠯᠡᠯ ᠤᠨ ᠵᠣᠷᠢᠯᠲᠠ ᠪᠠ ᠲᠤᠰᠤᠯᠲᠠ ᠪᠣᠯᠭᠠᠵᠤ᠂ ᠣᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠣᠯᠠᠨ ᠲᠦᠮᠡᠨ ᠤ ᠪᠣᠳᠣᠵᠤ ᠪᠠᠶᠢᠭ᠎ᠠ ᠵᠦᠢᠯ ᠢ ᠪᠣᠳᠣᠯᠬᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠠᠵᠢᠯ ᠢ ᠨᠠᠷᠢᠯᠢᠭ ᠪᠣᠳᠠᠲᠠᠢ ᠬᠢᠵᠦ᠂ ᠲᠣᠰᠬᠤᠨ ᠤ ᠳᠣᠲᠣᠷᠠᠬᠢ ᠣᠨᠴᠠᠭᠠᠢ ᠬᠠᠮᠲᠤᠯᠢᠭ ᠲᠤ ᠨᠡᠩ ᠪᠦᠬᠦ ᠲᠠᠯ᠎ᠠ ᠶᠢᠨ ᠬᠠᠷᠠᠭᠠᠯᠵᠠᠯ ᠪᠠ ᠦᠢᠯᠡᠴᠢᠯᠡᠭᠡ ᠬᠦᠷᠲᠡᠭᠡᠨ᠎ᠡ᠃ 
 
ᠢᠷᠡᠯᠲᠡ᠄ ᠶᠢᠨ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号