| ᠬᠤᠯᠠ ᠵᠠᠮ ᠤᠨ ᠲᠡᠭᠡᠭᠡᠪᠦᠷᠢ ᠶᠢᠨ ᠶᠠᠪᠤᠴᠠ ᠳᠤ ᠡᠷᠬᠡᠪᠰᠢ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠂ | ᠡᠰᠡ ᠲᠡᠭᠡᠪᠡᠯ ᠦᠬᠡᠷ ᠡᠪᠡᠳᠴᠢᠯᠡᠵᠦ ᠦᠬᠦᠬᠦ᠂ ᠶᠠᠰᠤ ᠨᠢ ᠬᠤᠭᠤᠷᠠᠬᠤ ᠵᠢᠴᠢ ᠠᠷᠠᠰᠤ᠂ ᠪᠤᠯᠴᠢᠩ᠂ ᠲᠤᠭᠤᠷᠠᠢ ᠨᠢ | ᠰᠢᠷᠬᠠᠲᠤᠬᠤ ᠵᠡᠷᠭᠡ ᠪᠠᠶᠢᠳᠠᠯ ᠭᠠᠷᠳᠠᠭ᠃ ᠪᠠᠰᠠ ᠣᠯᠵᠤ ᠦᠵᠡᠬᠦ ᠦᠭᠡᠢ ᠬᠤᠬᠢᠷᠠᠯ ᠪᠠᠶᠢᠵᠤ᠂ ᠪᠡᠶ᠎ᠡ ᠶᠢᠨ | ᠬᠦᠨᠳᠦ ᠨᠢ ᠶᠡᠭᠡ ᠪᠠᠷ ᠪᠠᠭᠤᠷᠠᠵᠤ᠂ ᠵᠣᠷᠢᠭᠰᠠᠨ ᠭᠠᠵᠠᠷ ᠳᠠᠭᠠᠨ ᠬᠦᠷᠭᠡᠭᠰᠡᠨ ᠤ ᠳᠠᠷᠠᠭ᠎ᠠ ᠦᠬᠡᠷ ᠤᠷᠲᠤ | ᠬᠤᠭᠤᠴᠠᠭ᠎ᠠ ᠪᠠᠷ ᠡᠳᠡᠭᠡᠷᠡᠵᠦ ᠳᠡᠶᠢᠯᠬᠦ ᠦᠭᠡᠢ ᠪᠣᠯᠳᠠᠭ᠃ ᠨᠢᠭᠡ᠂ ᠮᠠᠰᠢᠨ ᠲᠡᠷᠭᠡᠨ ᠤ ᠲᠡᠭᠡᠭᠡᠪᠦᠷᠢ ᠶᠢᠨ ᠰᠢᠨᠵᠢᠯᠡᠬᠦ | ᠤᠬᠠᠭᠠᠨᠴᠢ ᠬᠠᠮᠢᠶᠠᠷᠤᠯᠲᠠ ︵ᠨᠢᠭᠡ︶ ᠦᠬᠡᠷ ᠢ ᠲᠡᠷᠭᠡᠨ ᠳᠤ ᠠᠴᠢᠬᠤ ᠠᠴᠠ ᠡᠮᠦᠨ᠎ᠡ ᠭᠦᠢᠴᠡᠳ ᠠᠮᠠᠷᠠᠭᠤᠯᠵᠤ᠂ | ᠦᠬᠡᠷ ᠢ ᠳᠤᠷ᠎ᠠ ᠪᠠᠷ ᠢᠶᠠᠨ ᠬᠥᠭᠡᠭᠡᠵᠦ ᠴᠣᠬᠢᠬᠤ᠂ ᠠᠶᠤᠯᠭᠠᠵᠤ ᠰᠣᠴᠢᠭᠠᠵᠤ ᠪᠣᠯᠬᠤ ᠦᠭᠡᠢ᠃ ︵ᠬᠤᠶᠠᠷ︶ | ᠵᠣᠷᠢᠭᠰᠠᠨ ᠭᠠᠵᠠᠷ ᠳᠠᠭᠠᠨ ᠬᠦᠷᠦᠭᠰᠡᠨ ᠤ ᠳᠠᠷᠠᠭ᠎ᠠ᠂ ᠦᠬᠡᠷ ᠢ ᠲᠦᠷ ᠤᠰᠤ ᠤᠤᠭᠤᠯᠭᠠᠬᠤ ᠦᠭᠡᠢ ᠪᠠᠶᠢᠵᠤ᠂ | ᠵᠥᠪᠬᠡᠨ ᠪᠤᠷᠴᠠᠭ ᠤᠨ ᠢᠵᠠᠭᠤᠷ ᠤᠨ ᠪᠤᠰᠤ ᠬᠠᠭᠤᠷᠠᠢ ᠡᠪᠡᠰᠦ ᠥᠭᠴᠦ᠂ ᠦᠬᠡᠷ ᠤᠨ ᠬᠠᠰᠢᠶᠠᠨ ᠳᠤ | ᠠᠮᠠᠷᠠᠭᠤᠯᠤᠨ᠎ᠠ᠃ ︵ᠭᠤᠷᠪᠠ︶ ᠮᠠᠰᠢᠨ ᠲᠡᠷᠭᠡ ︵ᠠᠴᠢᠶᠠᠨ ᠤ ᠮᠠᠰᠢᠨ︶ ᠳᠤ ᠬᠡᠲᠦᠷᠬᠡᠢ ᠰᠢᠬᠠᠯᠳᠤᠭᠤᠯᠵᠤ ᠪᠣᠯᠬᠤ | ᠦᠭᠡᠢ᠂ ᠦᠬᠡᠷ ᠪᠦᠷᠢ ᠨᠢ ᠪᠠᠷᠤᠭ 1.1~1.4 ᠺᠤᠸᠠᠲ ᠮᠧᠳ᠋ᠷ ᠤᠨ ᠲᠠᠯᠠᠪᠠᠢ ᠶᠢ ᠡᠵᠡᠯᠡᠪᠡᠯ ᠵᠣᠬᠢᠨ᠎ᠠ᠂ ᠡᠭᠦᠨ ᠢ | ᠦᠬᠡᠷ ᠤᠨ ᠨᠠᠰᠤ ᠪᠠ ᠪᠡᠶ᠎ᠡ ᠶᠢᠨ ᠬᠦᠨᠳᠦ ᠶᠢ ᠦᠨᠳᠦᠰᠦᠯᠡᠵᠦ ᠲᠣᠭᠲᠠᠭᠠᠨ᠎ᠠ᠃ ︵ᠳᠥᠷᠪᠡ︶ ᠬᠠᠬᠢᠷ ᠡᠪᠦᠯ ᠤᠨ | ᠦᠶ᠎ᠡ ᠳᠤ ᠲᠡᠷᠭᠡᠨ ᠳᠤ ᠡᠪᠡᠰᠦ ᠳᠡᠪᠢᠰᠴᠦ᠂ ᠲᠡᠷᠭᠡᠨ ᠤ ᠬᠠᠰᠢᠶᠠᠯᠠᠪᠤᠷᠢ ᠶᠢ ᠨᠢᠭᠲᠠ ᠪᠢᠲᠡᠭᠦᠮᠵᠢᠯᠡᠬᠦ ᠬᠡᠷᠡᠭᠲᠡᠢ᠂ | ᠡᠷᠭᠢᠨ ᠲᠣᠭᠤᠷᠢᠨ ᠳᠤᠨᠢ ᠰᠠᠯᠬᠢ ᠦᠯᠢᠶᠡᠯᠭᠡᠵᠦ ᠪᠣᠯᠬᠤ ᠦᠭᠡᠢ᠃ ︵ᠲᠠᠪᠤ︶ ᠬᠠᠯᠠᠭᠤᠨ ᠡᠳᠦᠷ ᠲᠤ ᠲᠡᠷᠭᠡ ᠪᠠᠨ | ᠰᠠᠯᠬᠢ ᠨᠡᠪᠲᠡᠷᠡᠭᠦᠯᠵᠦ᠂ ᠡᠯᠡᠰᠦ ᠳᠡᠪᠢᠰᠴᠦ᠂ ᠤᠰᠤ ᠰᠠᠴᠤᠵᠤ᠂ ᠦᠬᠡᠷ ᠤᠨ ᠰᠡᠷᠢᠭᠦᠬᠡᠨ ᠪᠠᠶᠢᠬᠤ ᠶᠢ ᠪᠠᠲᠤᠯᠠᠬᠤ | ᠬᠡᠷᠡᠭᠲᠡᠢ᠃ ︵ᠵᠢᠷᠭᠤᠭ᠎ᠠ︶ ᠦᠬᠡᠷ᠂ ᠭᠠᠭ᠋ᠠᠢ᠂ ᠬᠤᠨᠢ ᠶᠢ ᠨᠢᠭᠡ ᠯᠡ ᠲᠡᠷᠭᠡᠨ ᠳᠤ ᠲᠡᠭᠡᠭᠡᠪᠦᠷᠢᠯᠡᠵᠦ ᠪᠣᠯᠬᠤ ᠦᠭᠡᠢ᠂ | ᠲᠤᠭᠤᠯ ᠪᠠ ᠦᠬᠡᠷ ᠢ ᠴᠦ ᠨᠢᠭᠡ ᠯᠡ ᠲᠡᠷᠭᠡᠨ ᠳᠤ ᠲᠡᠭᠡᠭᠡᠪᠦᠷᠢᠯᠡᠵᠦ ᠪᠣᠯᠬᠤ ᠦᠭᠡᠢ᠂ ᠬᠡᠷᠪᠡ ᠲᠡᠭᠡᠭᠡᠪᠦᠷᠢᠯᠡᠬᠦ ᠳᠤ | ᠬᠦᠷᠪᠡᠯ ᠲᠠᠰᠤᠯᠪᠤᠷᠢ ᠪᠠᠷ ᠲᠠᠰᠤᠯᠬᠤ ᠬᠡᠷᠡᠭᠲᠡᠢ᠃ ︵ᠳᠣᠯᠤᠭ᠎ᠠ︶ ᠵᠠᠮ ᠵᠠᠭᠤᠷ᠎ᠠ ᠪᠠᠨ ᠵᠣᠬᠢᠬᠤ ᠬᠡᠮᠵᠢᠶᠡᠨ ᠤ | ᠲᠡᠵᠢᠭᠡᠬᠦ᠂ ᠤᠰᠤᠯᠠᠬᠤ᠂ ᠠᠮᠠᠷᠠᠬᠤ ᠴᠠᠭ ᠲᠠᠢ ᠪᠠᠶᠢᠬᠤ ᠬᠡᠷᠡᠭᠲᠡᠢ᠃ ᠡᠩ ᠤᠨ ᠪᠠᠶᠢᠳᠠᠯ ᠳᠤ 20 ᠭᠠᠷᠤᠢ ᠴᠠᠭ ᠤᠨ | ᠳᠣᠲᠣᠷ᠎ᠠ ᠨᠠᠭᠠᠳᠤ ᠵᠠᠬ᠎ᠠ ᠳᠠᠭᠠᠨ 5 ᠴᠠᠭ ᠤᠨ ᠠᠮᠠᠷᠠᠬᠤ᠂ ᠤᠰᠤᠯᠠᠬᠤ ᠴᠠᠭ ᠲᠠᠢ ᠪᠠᠶᠢᠬᠤ ᠬᠡᠷᠡᠭᠲᠡᠢ᠃ ︵ᠨᠠᠢᠮᠠ︶ | ᠵᠣᠷᠢᠭᠰᠠᠨ ᠭᠠᠵᠠᠷ ᠳᠠᠭᠠᠨ ᠬᠦᠷᠦᠭᠰᠡᠨ ᠤ ᠳᠠᠷᠠᠭ᠎ᠠ᠂ ᠦᠬᠡᠷ ᠲᠤ ᠬᠠᠭᠤᠷᠠᠢ ᠡᠪᠡᠰᠦ ᠪᠤᠶᠤ ᠡᠰᠢ ᠰᠦᠷᠡᠯ | ᠢᠳᠡᠭᠦᠯᠵᠦ᠂ ᠬᠤᠶᠠᠷ ᠭᠤᠷᠪᠠᠨ ᠴᠠᠭ ᠤᠨ ᠳᠠᠷᠠᠭ᠎ᠠ ᠪᠠᠭ᠎ᠠ ᠬᠡᠮᠵᠢᠶᠡᠨ ᠤ ᠤᠰᠤ ᠤᠤᠭᠤᠯᠭᠠᠵᠤ᠂ 24 ᠴᠠᠭ ᠤᠨ | ᠳᠠᠷᠠᠭ᠎ᠠ ᠳᠤᠷ᠎ᠠ ᠪᠠᠷ ᠨᠢ ᠤᠰᠤ ᠤᠤᠭᠤᠯᠭᠠᠵᠤ᠂ ᠬᠠᠭᠤᠷᠠᠢ ᠡᠪᠡᠰᠦ᠂ ᠡᠰᠢ ᠰᠦᠷᠡᠯ ᠢᠳᠡᠭᠦᠯᠦᠨ᠎ᠡ᠃ ᠬᠤᠶᠠᠷ᠂ | ᠮᠠᠰᠢᠨ ᠲᠡᠷᠭᠡᠨ ᠤ ᠲᠡᠭᠡᠭᠡᠪᠦᠷᠢ ᠶᠢᠨ ᠠᠩᠬᠠᠷᠬᠤ ᠵᠦᠢᠯ᠄ ︵ᠨᠢᠭᠡ︶ ᠠᠴᠢᠶᠠᠨ ᠤ ᠮᠠᠰᠢᠨ ᠤ ᠣᠩᠭᠤᠴᠠ ᠨᠢ | ᠡᠷᠬᠡᠪᠰᠢ 1.3 ᠮᠧᠳ᠋ᠷ ᠠᠴᠠ ᠳᠡᠭᠡᠭᠰᠢ ᠪᠠᠶᠢᠬᠤ ᠬᠡᠷᠡᠭᠲᠡᠢ᠂ ᠴᠢᠬᠤᠯᠠ ᠲᠠᠢ ᠦᠶ᠎ᠡ ᠳᠤ ᠣᠩᠭᠤᠴᠠ ᠶᠢ ᠥᠨᠳᠥᠷ | ᠪᠣᠯᠭᠠᠵᠤ᠂ ᠦᠬᠡᠷ ᠦᠷᠭᠦᠵᠦ ᠦᠰᠦᠷᠴᠦ ᠭᠠᠷᠬᠤ ᠠᠴᠠ ᠰᠡᠷᠭᠡᠶᠢᠯᠡᠬᠦ ᠬᠡᠷᠡᠭᠲᠡᠢ᠂ ᠣᠩᠭᠤᠴᠠ ᠶᠢ ᠪᠠᠶᠢᠴᠠᠭᠠᠵᠤ᠂ | ᠱᠠᠯᠠ ᠳᠤᠨᠢ ᠬᠠᠳᠠᠭᠠᠰᠤ᠂ ᠲᠡᠮᠦᠷ ᠪᠠᠭᠠᠵᠢ ᠪᠤᠶᠤ ᠬᠤᠷᠴᠠ ᠡᠳ᠋ ᠪᠠᠶᠢᠯᠭᠠᠵᠤ ᠪᠣᠯᠬᠤ ᠦᠭᠡᠢ᠂ ᠡᠪᠡᠰᠦ ᠳᠡᠪᠢᠰᠴᠦ | ᠪᠣᠯᠤᠨ᠎ᠠ᠂ ᠵᠤᠨ ᠤ ᠤᠯᠠᠷᠢᠯ ᠳᠤ ᠡᠯᠡᠰᠦ ᠳᠡᠪᠢᠰᠴᠦ ᠪᠣᠯᠤᠨ᠎ᠠ᠂ ᠭᠡᠪᠡᠴᠦ ᠱᠠᠯᠠ ᠳᠤᠨᠢ ᠲᠡᠮᠦᠷ ᠬᠠᠪᠲᠠᠰᠤ ᠬᠠᠳᠠᠵᠤ | ᠪᠣᠯᠬᠤ ᠦᠭᠡᠢ᠂ ᠢᠩᠭᠢᠪᠡᠯ ᠦᠬᠡᠷ ᠵᠣᠭᠰᠣᠬᠤ ᠶᠢᠨ ᠠᠷᠭ᠎ᠠ ᠦᠭᠡᠢ ᠪᠣᠯᠳᠠᠭ᠃ ︵ᠬᠤᠶᠠᠷ︶ ᠠᠴᠢᠭᠰᠠᠨ ᠦᠬᠡᠷ ᠢ | ᠪᠠᠭᠤᠯᠭᠠᠬᠤ ᠳᠤ ᠵᠠᠪᠠᠯ 1.1 ᠮᠧᠳ᠋ᠷ ᠥᠨᠳᠥᠷ ᠲᠠᠪᠴᠠᠩ ᠳᠡᠭᠡᠷ᠎ᠡ ᠪᠠᠶᠢᠬᠤ ᠬᠡᠷᠡᠭᠲᠡᠢ᠂ ᠲᠠᠪᠴᠠᠩ ᠤᠨ ᠥᠷᠭᠡᠨ ᠲᠠᠢ | ᠵᠠᠯᠭᠠᠯᠳᠤᠭᠰᠠᠨ ᠬᠠᠰᠢᠯᠭ᠎ᠠ ᠲᠠᠢ ᠨᠠᠯᠠᠤ ᠭᠠᠵᠠᠷ ᠪᠠᠭᠤᠯᠭᠠᠵᠤ᠂ ᠦᠬᠡᠷ ᠢ ᠲᠠᠭᠤᠬᠤ ᠦᠶ᠎ᠡ ᠳᠤ ᠳᠡᠭᠡᠭᠰᠢ ᠳᠣᠷᠣᠭᠰᠢ | ᠦᠰᠦᠷᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠂ ᠤᠴᠢᠷ ᠨᠢ ᠡᠨᠡ ᠨᠢ ᠮᠠᠰᠢ ᠠᠶᠤᠯ ᠲᠠᠢ ᠶᠤᠮ᠃ ︵ᠭᠤᠷᠪᠠ︶ | ᠦᠬᠡᠷ ᠢ ᠲᠡᠷᠭᠡᠨ ᠳᠣᠲᠣᠷ᠎ᠠ ᠰᠣᠯᠪᠢᠯᠴᠠᠭᠤᠯᠤᠨ ᠵᠣᠭᠰᠣᠭᠠᠨ᠎ᠠ᠃ ᠠᠮᠤᠷ ᠲᠦᠪᠰᠢᠨ ᠢ ᠪᠣᠳᠣᠯᠬᠢᠯᠠᠵᠤ ᠲᠡᠷᠭᠡᠨ | ᠳᠡᠭᠡᠷ᠎ᠡ ᠨᠢᠭᠡ ᠪᠦᠯᠦᠭ ᠦᠬᠡᠷ ᠤᠨ ᠲᠣᠯᠣᠭᠠᠢ ᠶᠢ ᠲᠡᠷᠭᠡᠨ ᠲᠣᠯᠣᠭᠠᠢ ᠥᠭᠡᠳᠡ ᠬᠠᠨᠳᠤᠭᠤᠯᠵᠤ᠂ ᠨᠢᠭᠡ ᠪᠦᠯᠦᠭ | ᠦᠬᠡᠷ ᠤᠨ ᠰᠡᠭᠦᠯ ᠢ ᠲᠡᠷᠭᠡᠨ ᠲᠣᠯᠣᠭᠠᠢ ᠥᠭᠡᠳᠡ ᠬᠠᠨᠳᠤᠭᠤᠯᠤᠨ᠎ᠠ᠃ ︵ᠳᠥᠷᠪᠡ︶ ᠦᠬᠡᠷ ᠲᠡᠭᠡᠭᠡᠪᠦᠷᠢᠯᠡᠬᠦ ᠳᠤ | ᠶᠡᠷᠦ ᠳᠡᠭᠡᠨ ᠡᠳᠦᠷ ᠶᠠᠪᠤᠵᠤ᠂ ᠰᠥᠨᠢ ᠳᠡᠭᠡᠨ ᠲᠡᠷᠭᠡᠨ ᠳᠡᠭᠡᠷ᠎ᠡ ᠪᠠᠨ ᠲᠡᠵᠢᠭᠡᠵᠦ ᠤᠰᠤᠯᠠᠵᠤ᠂ ᠠᠮᠠᠷᠠᠭᠤᠯᠤᠨ᠎ᠠ᠃ | ᠵᠥᠪᠬᠡᠨ ᠵᠤᠨ ᠤ ᠤᠯᠠᠷᠢᠯ ᠳᠤ ᠰᠥᠨᠢ ᠪᠠᠷ ᠶᠠᠪᠤᠵᠤ᠂ ᠦᠳᠡ ᠳᠤ ᠠᠮᠠᠷᠠᠭᠤᠯᠤᠨ᠎ᠠ᠃ ︵ᠲᠠᠪᠤ︶ ᠵᠢᠯᠣᠭᠤᠴᠢ | ᠡᠬᠢᠯᠡᠵᠦ ᠶᠠᠪᠤᠬᠤ᠂ ᠲᠡᠷᠭᠡ ᠪᠠᠨ ᠵᠣᠭᠰᠣᠭᠠᠬᠤ ᠵᠢᠴᠢ ᠮᠤᠷᠦ᠋ᠢᠬᠤ ᠳᠠᠭᠠᠨ ᠬᠤᠷᠳᠤᠴᠠ ᠪᠠᠨ ᠤᠳᠠᠭᠠᠰᠢᠷᠠᠭᠤᠯᠬᠤ | ᠬᠡᠷᠡᠭᠲᠡᠢ᠃ ᠲᠡᠷᠭᠡᠨ ᠤ ᠬᠤᠷᠳᠤᠴᠠ ᠶᠢ ᠤᠳᠠᠭᠠᠰᠢᠷᠠᠭᠤᠯᠬᠤ ᠠᠴᠠ ᠪᠢᠰᠢ᠂ ᠣᠭᠵᠣᠮ ᠲᠣᠷᠮᠣᠰᠯᠠᠨ ᠵᠣᠭᠰᠣᠭᠠᠵᠤ | ᠪᠣᠯᠬᠤ ᠦᠭᠡᠢ᠃ ︵ᠵᠢᠷᠭᠤᠭ᠎ᠠ︶ ᠬᠠᠮᠲᠤ ᠶᠠᠪᠤᠭᠴᠢ ᠨᠢ ᠦᠬᠡᠷ ᠤᠨ ᠬᠥᠳᠡᠯᠦᠯ ᠪᠠᠶᠢᠳᠠᠯ ᠢ ᠴᠠᠭ ᠲᠤᠬᠠᠢ ᠳᠤᠨᠢ | ᠠᠵᠢᠭᠯᠠᠵᠤ᠂ ᠢᠯᠡᠭᠦᠦ ᠤᠰᠤᠯᠠᠬᠤ ᠶᠢ ᠠᠩᠬᠠᠷᠴᠤ᠂ ᠡᠯ᠎ᠡ ᠵᠦᠢᠯ ᠤᠨ ᠰᠡᠷᠡᠯᠵᠢᠯ ᠢ ᠠᠯᠢ ᠴᠢᠳᠠᠬᠤ ᠪᠠᠷ ᠪᠠᠭᠠᠰᠬᠠᠨ᠎ᠠ | ᠃ ᠪᠠᠰᠠ ᠦᠬᠡᠷ ᠤᠨ ᠰᠢᠷᠬᠠᠲᠤᠬᠤ ᠪᠠ ᠭᠢᠰᠬᠢᠭᠳᠡᠵᠦ ᠰᠢᠷᠬᠠᠲᠤᠬᠤ ᠠᠴᠠ ᠬᠢᠴᠢᠶᠡᠨ᠎ᠡ᠃ |