ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠵᠢᠨᠱᠠᠨ ᠪᠠᠯᠭᠠᠰᠤᠨ ᠤ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ︽ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠶᠢ ᠪᠣᠢ ᠪᠣᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ︾ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/5
    11 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠵᠢᠨᠱᠠᠨ ᠪᠠᠯᠭᠠᠰᠤᠨ ᠤ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ︽ᠰᠡᠳᠬᠢᠬᠦᠢ ᠲᠠᠢ ᠪᠠᠶᠢᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠢᠵᠦ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᡁᠢ ᠶᠥᠩ ᠡᠷᠬᠢᠯᠡᠵᠦ᠂ ᠪᠦᠬᠦ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃    ᠪᠠᠯᠭᠠᠰᠤᠨ ᠤ ᠨᠠᠮ ᠤᠨ  ᠬᠤᠷᠢᠶ᠎ᠡ ᠶᠢᠨ ᠱᠦᠵᠢ ᠾᠧ ᡁᠢ ᠶᠥᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠡ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ   ᠬᠤᠷᠢᠶ᠎ᠡ᠂ ᠬᠤᠲᠠ ᠶᠢᠨ ᠨᠠᠮ ᠤᠨ   ᠬᠤᠷᠢᠶ᠎ᠡ᠂ ᠰᠢᠶᠠᠨ ᠤ ᠨᠠᠮ ᠤᠨ  ᠬᠤᠷᠢᠶ᠎ᠡ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠦᠢᠯᠡᠳᠦᠯᠭᠡᠵᠢᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠥᠭᠦᠯᠡᠯᠲᠡ ᠵᠢᠴᠢ ᠶᠡᠷᠦᠩᠬᠡᠢ ᠱᠦᠵᠢ ᠰᠢ ᠶᠢᠨ ᠫᠢᠩ᠂ ᠰᠦᠨ ᠱᠤᠤ ᠴᠧᠩ ᠱᠦᠵᠢ᠂ ᠳ᠋ᠢᠩ ᠰᠢᠤ ᠹᠧᠩ ᠱᠦᠵᠢ ᠶᠢᠨ ︽ᠲᠠᠶᠢᠯᠬᠤ ᠰᠡᠳᠬᠢᠬᠦᠢ︾ ᠶᠢᠨ ᠲᠤᠬᠠᠢ ᠬᠠᠮᠢᠶ᠎ᠠ ᠪᠦᠬᠦᠢ ᠥᠭᠦᠯᠡᠯᠲᠡ ᠶᠢ ᠤᠯᠠᠮᠵᠢᠯᠠᠨ ᠰᠤᠷᠤᠯᠴᠠᠪᠠ᠃ ᠪᠦᠬᠦ ᠬᠤᠲᠠ ᠶᠢᠨ ︽ᠰᠡᠳᠬᠢᠬᠦᠢ ᠶᠢ ᠲᠠᠶᠢᠯᠬᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ᠂ ᠪᠥᠬᠦ ᠰᠢᠶᠠᠨ ᠤ ︽ᠰᠡᠳᠬᠢᠬᠦᠢ ᠶᠢ ᠵᠠᠳᠠᠯᠬᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠶᠢᠨ ᠲᠥᠪᠯᠡᠷᠡᠭᠦᠯᠦᠨ ᠰᠤᠳᠤᠯᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃ ᠪᠥᠬᠦ ᠤᠳᠤᠷᠢᠳᠬᠤ ᠪᠠᠭ ᠤᠨ ᠪᠦᠷᠢᠯᠳᠦᠬᠦᠨ ᠨᠡᠷ ᠲᠤᠰᠬᠠᠢ ᠰᠡᠳᠦᠪᠲᠦ ᠠᠵᠢᠯᠯᠠᠭ᠎ᠠ ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠪᠣᠳᠣᠯᠬᠢᠯᠠᠬᠤ ᠪᠠ ᠨᠠᠷᠢᠨ ᠬᠢᠨᠠᠮᠠᠭᠠᠢ ᠲᠥᠯᠥᠪᠵᠢᠭᠦᠯᠪᠡ᠃    ᠬᠤᠷᠠᠯ ᠠᠴᠠ᠂ ᠨᠢᠭᠡ ᠳᠤ᠂ ᠣᠨᠣᠯ ᠤᠨ ᠰᠤᠷᠤᠯᠴᠠᠯᠭ᠎ᠠ ᠶᠢ ᠴᠢᠩᠭᠠᠳᠬᠠᠬᠤ ᠬᠡᠷᠡᠭᠲᠡᠢ᠃ ᠣᠨᠣᠯ ᠤᠨ ᠰᠤᠷᠤᠯᠴᠠᠯᠭ᠎ᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠦᠵᠡᠯᠲᠡ ᠪᠠᠨ ᠤᠯᠠᠮ ᠨᠢᠭᠡ ᠠᠯᠬᠤᠮ ᠰᠢᠨᠡᠳᠬᠡᠵᠦ᠂ ᠠᠰᠠᠭᠤᠳᠠᠯ ᠢ ᠰᠤᠳᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠭᠦᠨᠴᠡ ᠳᠠᠬᠢ ᠡᠷᠡᠰ ᠪᠠᠲᠤ ᠮᠥᠰᠥ ᠶᠢ ᠠᠷᠢᠯᠭᠠᠵᠤ᠂ ︽ᠰᠢᠯᠢᠳᠡᠭ ᠲᠠᠶᠢᠯᠬᠤ︾ ᠠᠷᠭ᠎ᠠ ᠵᠠᠮ ᠢ ᠣᠨᠣᠪᠴᠢᠲᠠᠢ ᠣᠯᠵᠤ᠂ ︽ᠨᠢᠭᠲᠠ ᠠᠴᠠ ᠨᠢᠭᠲᠠ ᠪᠠᠶᠢᠬᠤ︾ ᠤᠳᠤᠷᠢᠳᠤᠮᠵᠢ ᠶᠢ ᠪᠣᠢ ᠪᠣᠯᠭᠠᠵᠤ᠂ ᠰᠤᠷᠤᠯᠴᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠳᠡᠭᠡᠭᠰᠢᠯᠡᠭᠦᠯᠬᠦ ᠶᠢᠨ ᠳᠠᠭᠠᠤ ᠳᠡᠭᠡᠭᠰᠢᠯᠡᠭᠦᠯᠬᠦ ᠬᠡᠷᠡᠭᠲᠡᠢ᠃ ᠰᠤᠷᠤᠯᠴᠠᠵᠤ ᠣᠯᠤᠭᠰᠠᠨ ᠵᠦᠢᠯ ᠢᠶᠠᠨ ᠯᠠᠪᠳᠠᠭᠤᠨ ᠪᠠᠲᠤᠲᠠᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠢ ᠯᠠᠪᠳᠠᠭᠤᠨ ᠪᠠᠲᠤᠲᠠᠢ᠂ ᠳᠡᠭᠡᠭᠰᠢᠯᠡᠭᠦᠯᠦᠭᠰᠡᠨ ᠨᠢ ᠳᠠᠬᠢᠨ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ︽ᠲᠠᠶᠢᠯᠪᠤᠷᠢᠯᠠᠬᠤ ᠰᠡᠳᠬᠢᠬᠦᠢ︾ ᠶᠢ ᠪᠣᠢ ᠪᠣᠯᠭᠠᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ︽ᠠᠷᠪᠠᠨ ᠲᠠᠯ᠎ᠠ ᠶᠢᠨ ᠢᠯᠡᠷᠡᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠ ᠬᠤᠪᠢᠳᠠᠨ ᠬᠠᠮᠢᠶᠠᠷᠴᠤ ᠪᠦᠬᠦᠢ ᠠᠵᠢᠯ ᠢᠶᠠᠨ ᠪᠦᠬᠦ ᠲᠠᠯ᠎ᠠ ᠪᠠᠷ ᠬᠢᠨᠠᠨ ᠦᠵᠡᠵᠦ᠂ ᠲᠤᠰ ᠪᠡᠶ᠎ᠡ ᠶᠢᠨ ᠣᠷᠣᠰᠢᠵᠤ ᠪᠠᠶᠢᠭ᠎ᠠ ᠠᠰᠠᠭᠤᠳᠠᠯ ᠢᠶᠠᠨ ᠨᠠᠷᠢᠨ ᠬᠢᠨᠠᠮᠠᠭᠠᠢ ᠪᠠᠶᠢᠴᠠᠭᠠᠨ ᠳᠡᠯᠭᠡᠬᠦ ᠶᠢᠨ ᠬᠠᠮᠲᠤ᠂ ︽ᠰᠢᠢᠳᠪᠦᠷᠢᠯᠡᠬᠦ ᠰᠡᠳᠬᠢᠬᠦᠢ ᠲᠠᠢ ᠪᠠᠶᠢᠬᠤ︾ ᠠᠵᠢᠯ ᠤᠨ ᠠᠷᠭ᠎ᠠ ᠪᠠᠷ ᠰᠢᠶᠠᠩ ᠪᠠᠯᠭᠠᠰᠤᠨ ᠤ ᠠᠵᠢᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠤᠨ ᠲᠣᠭᠤᠷᠢᠨ ᠳᠤ ᠦᠨᠳᠦᠰᠦᠨ ᠱᠠᠲᠤᠨ ᠤ ᠵᠠᠰᠠᠯᠲᠠ ᠶᠢᠨ ᠦᠢᠯᠡᠴᠢᠯᠡᠭᠡᠨ ᠤ ᠠᠵᠢᠯ ᠤᠨ ᠳᠤᠮᠳᠠ ᠲᠤᠯᠭᠠᠷᠠᠭᠰᠠᠨ ᠰᠢᠨ᠎ᠡ ᠠᠰᠠᠭᠤᠳᠠᠯ᠂ ᠰᠢᠨ᠎ᠡ ᠥᠷᠢᠰᠥᠯᠳᠦᠭᠡᠨ ᠢ ᠰᠢᠢᠳᠪᠦᠷᠢᠯᠡᠵᠦ᠂ ᠠᠭᠤᠰᠤᠯᠴᠠᠭᠤᠯᠤᠨ ᠨᠡᠪᠲᠡᠷᠡᠯᠴᠡᠭᠦᠯᠬᠦ ᠠᠵᠢᠯ ᠢ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠲᠤᠬᠠᠶᠢᠯᠠᠭᠰᠠᠨ ᠠᠵᠢᠯ ᠢ ᠰᠤᠳᠤᠯᠵᠤ᠂ ᠵᠣᠷᠢᠭᠲᠠᠢ ᠪᠠᠷ ᠬᠦᠴᠢᠷ ᠠᠰᠠᠭᠤᠳᠠᠯ ᠢ ᠰᠢᠪᠲᠤᠯᠬᠤ ᠬᠡᠷᠡᠭᠲᠡᠢ᠃ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠠᠷᠢᠮᠲᠠᠯᠠᠬᠤ ᠬᠡᠷᠡᠭᠲᠡᠢ᠃ ᠲᠤᠰᠬᠠᠢ ᠰᠡᠳᠦᠪᠲᠦ ᠠᠵᠢᠯᠯᠠᠭ᠎ᠠ ᠥᠷᠨᠢᠭᠦᠯᠬᠦ ᠶᠢ ᠣᠨ ᠤ ᠬᠠᠷᠠᠯᠲᠠ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠯᠦᠭᠡ ᠬᠠᠷᠢᠯᠴᠠᠨ ᠤᠶᠠᠯᠳᠤᠭᠤᠯᠵᠤ᠂ ︽ᠰᠢᠯᠭᠠᠯᠲᠠ ᠲᠤᠰᠢᠶᠠᠬᠤ ᠤᠬᠠᠮᠰᠠᠷ︾᠂ ︽ᠪᠦᠷᠢᠨ ᠬᠤᠪᠢ ᠶᠢᠨ ᠤᠬᠠᠮᠰᠠᠷ︾ ᠢ ᠪᠣᠢ ᠪᠣᠯᠭᠠᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠵᠤ᠂ ᠠᠵᠢᠯ ᠤᠨ ᠪᠣᠳᠠᠲᠤ ᠦᠷ᠎ᠡ ᠪᠦᠲᠦᠮᠵᠢ ᠪᠠᠷ ᠲᠤᠰᠬᠠᠢ ᠰᠡᠳᠦᠪᠲᠦ ᠠᠵᠢᠯᠯᠠᠭ᠎ᠠ ᠶᠢᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠬᠡᠷᠡᠭᠲᠡᠢ᠃ ᠳᠥᠷᠪᠡ ᠳᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠪᠠᠷᠢᠮᠲᠠᠯᠠᠬᠤ ᠬᠡᠷᠡᠭᠲᠡᠢ᠃ 2025 ᠣᠨ ᠤ ᠠᠵᠢᠯ ᠤᠨ ᠬᠠᠷᠠᠯᠲᠠ ᠶᠢ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ ᠂ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠡᠮᠵᠢᠯᠭᠡ ᠶᠢ ᠢᠳᠡᠪᠬᠢᠲᠡᠢ ᠣᠯᠵᠤ᠂ ᠪᠣᠳᠠᠲᠠᠢ ᠠᠵᠢᠯ ᠳᠠᠭᠠᠨ ᠰᠠᠭᠤᠷᠢᠯᠠᠨ ᠠᠵᠢᠯ ᠤᠨ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠵᠦ ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ 
 
ᠢᠷᠡᠯᠲᠡ᠄ ᠵᠢᠨᠱᠠᠨ ᠪᠠᠯᠭᠠᠰᠤᠨ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号