ᠭᠦᠶᠡᠩ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠲᠠᠶᠢᠯᠪᠤᠷᠢᠯᠠᠬᠤ ᠰᠡᠳᠬᠢᠬᠦᠢ︾ ᠪᠠᠷ ︽ᠦᠢᠯᠡᠴᠢᠯᠡᠬᠦ ᠴᠢᠪᠬᠠᠳᠠᠰᠤ︾ ᠶᠢ ᠰᠠᠶᠢᠲᠤᠷ ᠬᠦᠭᠵᠢᠮᠳᠡᠪᠡ
ᠨᠡᠶᠢᠲᠡᠯᠡᠭᠰᠡᠨ ᠴᠠᠭ᠄
2024/12/5
    ᠭᠦᠶᠡᠩ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ  ᠨᠢ︽ᠲᠠᠶᠢᠯᠪᠤᠷᠢᠯᠠᠬᠤ ᠰᠡᠳᠬᠢᠬᠦᠢ ᠶᠢ ᠪᠣᠢ ᠪᠣᠯᠭᠠᠵᠤ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ ᠲᠡᠷᠢᠭᠦᠨ ᠤ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠨ᠎ᠠ︾  ᠭᠡᠬᠦ ᠲᠤᠰᠬᠠᠢ ᠰᠡᠳᠦᠪᠲᠦ ᠠᠵᠢᠯᠯᠠᠭ᠎ᠠ ᠶᠢᠨ ᠤᠳᠤᠷᠢᠳᠬᠠᠯ ᠳᠣᠣᠷ᠎ᠠ ︽ᠪᠦᠲᠦᠮᠵᠢᠲᠡᠢ ᠠᠷᠭ᠎ᠠ︾ ᠶᠢ ᠬᠡᠷᠡᠭᠯᠡᠨ ᠠᠯᠪᠠᠳᠠᠨ ᠲᠠᠲᠠᠬᠤ ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠪᠣᠷᠣᠯᠠᠭᠤᠯᠬᠤ ᠶᠢ ᠠᠬᠢᠭᠤᠯᠬᠤ ᠰᠦᠢᠳᠬᠡᠯ ᠂ ︽ᠬᠠᠷᠢᠭᠤᠴᠠᠯᠭ᠎ᠠ ᠲᠠᠢ ᠪᠠᠶᠢᠬᠤ ᠤᠬᠠᠮᠰᠠᠷ︾ ᠢ ᠴᠢᠩᠭᠠᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠪᠠ ᠂ ᠬᠡᠷᠡᠭᠯᠡᠭᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠨᠡᠷᠡᠲᠦ ᠲᠡᠮᠳᠡᠭᠲᠦ ᠶᠢ ᠳᠡᠯᠭᠡᠷᠡᠭᠦᠯᠬᠦ ᠵᠡᠷᠭᠡ ᠲᠠᠯ᠎ᠠ ᠪᠠᠷ ︽ᠦᠢᠯᠡᠴᠢᠯᠡᠭᠡᠨ ᠤ ᠬᠥᠪᠴᠢ︾ ᠶᠢ ᠰᠠᠶᠢᠲᠤᠷ ᠲᠣᠬᠢᠷᠠᠭᠤᠯᠪᠠ᠃ ᠠᠷᠠᠯᠵᠢᠶ᠎ᠠ ᠰᠣᠶᠣᠯ ᠵᠢᠭᠤᠯᠴᠢᠯᠠᠯ ᠬᠠᠮ ᠬᠥᠭᠵᠢᠭᠦᠯᠦᠯᠲᠡ ᠶᠢᠨ ︽ᠬᠥᠭᠵᠢᠯ ᠤᠨ ᠬᠥᠭᠵᠢᠮ︾ ᠢ ᠤᠨᠳᠤᠷᠤᠭᠤᠯᠪᠠ᠃ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠣᠷᠣᠭᠤᠯᠪᠠ    ᠰᠢᠨ᠎ᠡ ᠶᠢ ᠡᠭᠦᠳᠴᠦ ᠳᠡᠯᠭᠡᠷᠡᠭᠦᠯᠬᠦ ᠠᠷᠭ᠎ᠠ ᠪᠣᠳᠣᠯᠭ᠎ᠠ ᠶᠢ ᠬᠥᠭᠵᠢᠮᠳᠡᠵᠦ ᠨᠡᠷᠡᠲᠦ ᠲᠥᠷᠥᠯ ᠲᠡᠮᠳᠡᠭᠲᠦ ᠶᠢᠨ ︽ᠬᠠᠮᠤᠭ ᠤᠨ ᠴᠢᠩᠭ᠎ᠠ ᠳᠠᠭᠤᠨ ᠢ ᠳᠡᠭᠡᠭᠰᠢᠯᠡᠭᠦᠯᠦᠶ᠎ᠡ︾    ᠡᠨᠡ ᠵᠢᠯ ᠠᠴᠠ ᠨᠠᠰᠢ᠂ ᠭᠦᠶᠡᠩ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠢᠳᠡᠪᠬᠢᠲᠡᠢ ᠬᠥᠳᠡᠯᠦᠯᠴᠡᠵᠦ᠂ ︽ᠵᠠᠳᠠᠯᠬᠤ ᠰᠡᠳᠬᠢᠬᠦᠢ︾ ᠶᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢ ᠳᠡᠯᠭᠡᠷᠡᠭᠦᠯᠬᠦ ᠠᠵᠢᠯ ᠳ᠋ᠤ᠋‌‍ᠭᠦ᠋ᠨᠵᠡᠭᠡᠢ ᠠᠭᠤᠰᠤᠯᠴᠠᠭᠤᠯᠪᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠳᠡᠯᠭᠡᠷᠡᠭᠦᠯᠬᠦ ᠪᠠᠷ ᠳᠠᠮᠵᠢᠭᠤᠯᠤᠨ᠂ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ︽41 ᠭᠷᠠᠳᠦ᠋ᠰ ᠭᠦᠶᠡᠩ ᠤᠨ ᠬᠠᠨᠳᠢᠪᠯᠠᠯ︾ ᠤᠨ ᠨᠡᠷᠡᠲᠦ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠠᠯᠳᠠᠷᠰᠢᠯ ᠢ ᠢᠯᠡᠳᠲᠡ ᠳᠡᠭᠡᠭᠰᠢᠯᠡᠭᠦᠯᠪᠡ᠃ ᠰᠦᠯᠵᠢᠶᠡᠨ ᠳᠡᠭᠡᠷ᠎ᠡ᠂ ᠠᠵᠤ ᠠᠬᠤᠶᠢᠯᠠᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠪᠠᠶᠢᠭᠠᠳ ︽ᠰᠠᠶᠢᠨ ᠪᠣᠳᠠᠰ ᠤᠨ ᠮᠡᠳᠡᠯᠭᠡ ᠶᠢᠨ ᠤᠯᠠᠷᠢᠯ᠂ ᠤᠯᠤᠰ ᠤᠨ ᠥᠩᠭᠡ ᠦᠵᠡᠰᠬᠦᠯᠡᠩ ᠴᠡᠴᠡᠭᠯᠡᠯᠲᠡ︾ ᠪᠠ ᠲᠣᠯᠣᠭᠠᠶᠢᠲᠤ ᠰᠦᠯᠵᠢᠶᠡᠨ ᠤ ᠤᠯᠠᠭᠠᠨ ᠪᠦᠰᠡ ᠶᠢᠨ ᠪᠠᠷᠠᠭ᠎ᠠ ᠵᠡᠷᠭᠡ ᠣᠯᠠᠨ ᠲᠠᠯᠠᠪᠤᠷ ᠠᠯᠳᠠᠷᠲᠠᠢ ᠰᠦᠯᠵᠢᠶᠡᠨ ᠳᠡᠭᠡᠷᠡᠬᠢ ᠠᠵᠢᠯᠯᠠᠭ᠎ᠠ ᠳᠤ ᠣᠷᠣᠯᠴᠠᠭᠤᠯᠵᠤ᠂ ᠨᠡᠷᠡᠲᠦ ᠲᠡᠮᠳᠡᠭᠲᠦ ᠶᠢ ᠣᠷᠣᠨ ᠪᠦᠰᠡ ᠶᠢᠨ ᠬᠢᠵᠠᠭᠠᠷᠯᠠᠯ ᠢ ᠪᠣᠢ ᠪᠣᠯᠭᠠᠵᠤ᠂ ᠨᠡᠩ ᠥᠷᠭᠡᠨ ᠳᠡᠯᠭᠡᠷ ᠬᠡᠷᠡᠭᠯᠡᠭᠡᠨ ᠤ ᠬᠠᠮᠲᠤᠯᠢᠭ ᠲᠤ ᠬᠦᠷᠭᠡᠬᠦ ᠪᠣᠯᠤᠨ᠎ᠠ᠃ ᠰᠦᠯᠵᠢᠶᠡᠨ ᠭᠠᠳᠠᠨ᠎ᠠ᠂ ᠭᠦᠶᠡᠩ ᠤᠨ ᠴᠠᠭᠠᠨ ᠰᠠᠷ᠎ᠠ ᠶᠢᠨ ᠪᠠᠷᠠᠭᠠᠨ ᠤ ᠪᠠᠶᠠᠷ᠂ ᠴᠢᠨ ᠤᠯᠤᠰ ᠤᠨ ᠤᠷᠲᠤ ᠴᠠᠭᠠᠨ ᠬᠡᠷᠡᠮ ᠤᠨ ᠰᠣᠶᠣᠯ ᠤᠨ ᠨᠠᠶᠢᠷ ᠵᠡᠷᠭᠡ ᠡᠯ᠎ᠡ ᠲᠥᠷᠥᠯ ᠤᠨ ᠪᠠᠶᠠᠷ ᠳᠤᠷᠠᠰᠬᠠᠯ ᠤᠨ ᠡᠳᠦᠷ᠂ ᠦᠵᠡᠰᠬᠦᠯᠡᠩ ᠪᠠ ᠰᠣᠶᠣᠯ ᠤᠨ ᠠᠵᠢᠯᠯᠠᠭ᠎ᠠ ᠳᠤ ᠣᠷᠣᠯᠴᠠᠬᠤ ᠪᠠᠷ ᠳᠠᠮᠵᠢᠭᠤᠯᠤᠨ᠂ ᠬᠡᠷᠡᠭᠯᠡᠭᠴᠢᠳ ᠤᠨ ᠨᠡᠷᠡᠲᠦ ᠲᠡᠮᠳᠡᠭᠲᠦ ᠶᠢᠨ ᠲᠤᠬᠠᠢ ᠲᠠᠨᠢᠯᠲᠠ ᠪᠠ ᠣᠶᠢᠯᠠᠭᠠᠯᠲᠠ ᠶᠢ ᠭᠦᠨᠵᠡᠭᠡᠶᠢᠷᠡᠭᠦᠯᠪᠡ᠃ ᠡᠭᠦᠨ ᠤ ᠬᠠᠮᠲᠤ᠂ ᠱᠠᠩᠬᠠᠢ ᠶᠢᠨ ᠰᠢ ᠬᠤᠩ ᠴᠢᠶᠣᠤ ᠬᠣ᠋ ᠷᠦᠨ ᠳᠤᠮᠳᠠᠳᠤ ᠤᠯᠤᠰ ᠤᠨ ᠢᠳᠡᠭᠡᠨ ᠤ ᠠᠵᠢᠯ ᠲᠥᠷᠥᠯ ᠤᠨ ᠵᠠᠭᠤᠨ ᠬᠦᠴᠦᠷᠬᠡᠭ ᠤᠨ ᠰᠠᠮᠪᠠᠷ᠎ᠠ ᠶᠢ ᠨᠡᠶᠢᠲᠡᠯᠡᠬᠦ ᠬᠤᠷᠠᠯ᠂ ᠪᠡᠭᠡᠵᠢᠩ ᠤᠨ ᠸᠠᠩ ᠹᠦ᠋ ᠵᠢᠩ ᠲᠣᠮᠣ ᠳᠡᠯᠭᠡᠴᠡ ᠵᠡᠷᠭᠡ ᠳᠡᠭᠡᠳᠦ ᠳᠡᠰ ᠤᠨ ᠲᠠᠪᠴᠠᠩ ᠢ ᠠᠰᠢᠭᠯᠠᠨ ᠳᠡᠯᠭᠡᠨ ᠦᠵᠡᠭᠦᠯᠵᠦ᠂ ᠵᠢᠩ ᠳ᠋ᠦᠩ ᠲᠠᠢ ᠬᠠᠮᠲᠤᠷᠠᠨ ᠭᠦᠶᠡᠩ ᠤᠨ ᠲᠠᠷᠢᠶᠠᠯᠠᠩ ᠢ ᠲᠤᠰᠠᠯᠠᠬᠤ ᠣᠷᠳᠣᠨ ᠢ ᠨᠡᠭᠡᠭᠡᠬᠦ ᠵᠡᠷᠭᠡ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠨᠡᠷᠡᠲᠦ ᠲᠡᠮᠳᠡᠭᠲᠦ ᠶᠢᠨ ᠳᠦᠷᠢ ᠲᠥᠷᠬᠦ ᠪᠠ ᠵᠠᠬ᠎ᠠ ᠳᠡᠯᠭᠡᠭᠦᠷ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠷᠡᠲᠦ ᠲᠡᠮᠳᠡᠭᠲᠦ ᠶᠢᠨ ᠳᠡᠭᠡᠭᠰᠢᠯᠡᠯᠲᠡ ᠶᠢᠨ ︽ᠬᠠᠮᠤᠭ ᠤᠨ ᠬᠦᠴᠦᠷᠬᠡᠭ ᠳᠠᠭᠤᠨ︾ ᠢ ᠬᠥᠭᠵᠢᠮᠳᠡᠪᠡ᠃    ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠵᠤ ᠠᠷᠠᠯᠵᠢᠶ᠎ᠠ ᠬᠤᠳᠠᠯᠳᠤᠭᠠᠨ ᠤ ᠠᠵᠤ ᠠᠬᠤᠢ ᠶᠢᠨ ︽ᠭᠤᠣᠯ ᠬᠥᠭ ᠠᠶᠠᠰ︾ ᠢ ᠴᠤᠤᠷᠢᠶᠠᠲᠤᠭᠤᠯᠪᠠ᠃    ᠠᠷᠠᠯᠵᠢᠶ᠎ᠠ ᠬᠤᠳᠠᠯᠳᠤᠭᠠᠨ ᠤ ᠠᠵᠤ ᠠᠬᠤᠢ ᠶᠢᠨ ᠬᠥᠭᠵᠢᠯᠲᠡ ᠶᠢᠨ ᠥᠷᠢᠰᠥᠯᠳᠦᠭᠡᠨ ᠤ ᠡᠮᠦᠨ᠎ᠡ᠂ ᠭᠦᠶᠡᠩ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠲᠠᠶᠢᠯᠬᠤ ᠰᠡᠳᠬᠢᠬᠦᠢ︾ ᠪᠠᠷ ᠵᠢᠯᠣᠭᠤᠳᠤᠮᠵᠢ ᠪᠣᠯᠭᠠᠵᠤ᠂ ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠪᠠᠲᠤᠯᠠᠬᠤ ᠶᠢᠨ ᠬᠠᠮᠲᠤ ᠰᠢᠨ᠎ᠡ ᠰᠢᠪᠲᠤᠯᠤᠯᠲᠠ ᠲᠠᠢ ᠪᠣᠯᠬᠤ ᠶᠢ ᠪᠠᠲᠤᠯᠠᠪᠠ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠡᠷᠡᠭᠯᠡᠭᠡ ᠶᠢ ᠠᠬᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠪᠠᠷ ᠳᠠᠮᠵᠢᠭᠤᠯᠤᠨ᠂ ᠴᠠᠭᠠᠨ ᠰᠠᠷ᠎ᠠ ᠶᠢᠨ ᠪᠠᠷᠠᠭᠠᠨ ᠤ ᠪᠠᠶᠠᠷ᠂ ︽ᠴᠢᠨ ᠤᠯᠤᠰ ᠤᠨ ᠵᠤᠭᠠᠴᠠᠯ ᠢ ᠡᠷᠢᠯᠬᠢᠯᠡᠬᠦ︾ ᠵᠡᠷᠭᠡ ᠣᠯᠠᠨ ᠲᠠᠯᠠᠪᠤᠷ ᠭᠤᠣᠯ ᠰᠡᠳᠦᠪᠲᠦ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠵᠦ᠂ ᠬᠡᠷᠡᠭᠯᠡᠭᠡᠨ ᠤ ᠨᠡᠮᠡᠭᠳᠡᠯ ᠢ ᠳᠠᠶᠢᠴᠢᠯᠠᠪᠠ᠃ ᠢᠯᠠᠩᠭᠤᠶ᠎ᠠ ᠬᠠᠮᠢᠶᠠᠷᠴᠤ ᠵᠣᠬᠢᠴᠠᠭᠤᠯᠬᠤ ᠠᠵᠢᠯ ᠤᠨ ᠲᠠᠯ᠎ᠠ ᠪᠠᠷ᠂ ᠰᠢᠨ᠎ᠡ ᠶᠢ ᠡᠭᠦᠳᠬᠦ ᠴᠢᠨᠠᠷᠲᠠᠢ ᠪᠠᠷ ︽ᠨᠢᠭᠡ ᠶᠢ ᠲᠣᠬᠢᠷᠠᠭᠤᠯᠬᠤ᠂ ᠬᠤᠶᠠᠷ ᠢ ᠰᠢᠭᠰᠢᠨ ᠪᠠᠶᠢᠴᠠᠭᠠᠬᠤ᠂ ᠭᠤᠷᠪᠠ ᠶᠢ ᠰᠤᠳᠤᠯᠬᠤ᠂ ᠳᠥᠷᠪᠡ ᠶᠢ ᠰᠤᠷᠪᠤᠯᠵᠢᠯᠠᠬᠤ᠂ ᠲᠠᠪᠤ ᠶᠢ ᠬᠥᠮᠦᠵᠢᠭᠦᠯᠬᠦ︾ ᠠᠵᠢᠯ ᠤᠨ ᠠᠷᠭ᠎ᠠ ᠶᠢ ᠳᠤᠷᠠᠳᠴᠤ᠂ 27 ᠠᠵᠤ ᠠᠬᠤᠶᠢᠯᠠᠯ ᠢ ᠠᠮᠵᠢᠯᠲᠠ ᠲᠠᠢ ᠪᠠᠷ ᠪᠤᠶᠢᠵᠢᠭᠤᠯᠬᠤ ᠪᠥᠭᠡᠳ ᠰᠢᠨ᠎ᠡ ᠪᠠᠷ ᠨᠡᠮᠡᠭᠳᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠲᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠡᠷᠡᠭᠯᠡᠭᠡᠨ ᠤ ᠭᠤᠣᠯ ᠴᠣᠭᠴᠠ ᠶᠢᠨ ᠲᠣᠭᠤᠷᠢᠨ ᠳᠤ ᠠᠷᠠᠯᠵᠢᠶ᠎ᠠ ᠬᠤᠳᠠᠯᠳᠤᠭᠠᠨ ᠤ ᠠᠵᠤ ᠠᠬᠤᠢ ᠶᠢᠨ ︽ᠭᠤᠣᠯ ᠬᠥᠭ ᠠᠶᠠᠰ︾ ᠢ ᠴᠤᠤᠷᠢᠶᠠᠲᠤᠭᠤᠯᠪᠠ᠃    ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠵᠤ ᠣᠳᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ︽ᠬᠥᠭᠵᠢᠯᠲᠡ ᠶᠢᠨ ᠠᠶ᠎ᠠ︾ ᠶᠢ ᠴᠤᠤᠷᠢᠶᠠᠲᠤᠭᠤᠯᠤᠨ᠎ᠠ    ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ᠂ ᠭᠦᠶᠡᠩ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠵᠠᠳᠠᠯᠬᠤ ᠰᠡᠳᠬᠢᠬᠦᠢ︾ ᠶᠢ ᠪᠠᠷᠢᠮᠲᠠᠯᠠᠵᠤ᠂ ᠬᠠᠮᠲᠤᠷᠠᠯᠴᠠᠭᠠᠨ ᠤ ᠠᠵᠠ ᠲᠣᠬᠢᠶᠠᠯ ᠢ ᠢᠳᠡᠪᠬᠢᠲᠡᠢ ᠡᠷᠢᠯᠬᠢᠯᠡᠵᠦ᠂ ᠣᠳᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠭᠠᠳᠠᠭᠰᠢ ᠭᠠᠷᠴᠤ ᠵᠣᠯᠭᠠᠭᠤᠯᠬᠤ ᠪᠠ ᠲᠤᠰ ᠭᠠᠵᠠᠷ ᠤᠨ ᠵᠥᠪᠳᠡᠯᠴᠡᠬᠦ ᠪᠠᠷ ᠳᠠᠮᠵᠢᠭᠤᠯᠤᠨ᠂ ᠵᠢᠨᠵᠢᠶᠠᠩ ᠤᠨ ᡁᠢ ᠰᠢᠩ᠂ ᠷᠤ ᠵᠢᠶᠠ ᠬᠤᠳᠠᠯᠳᠤᠭᠠᠨ ᠤ ᠵᠤᠭᠠᠴᠠᠯ᠂ ᠷᠦᠢ ᠰᠢᠩ ᠺᠧ᠂ ᠵᠤᠤ ᠢ ᠮᠢᠩ ᠰᠤᠯᠠ ᠢᠳᠡᠭᠡᠨ ᠵᠡᠷᠭᠡ ᠣᠯᠠᠨ ᠠᠵᠤ ᠠᠬᠤᠶᠢᠯᠠᠯ ᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠵᠤ᠂ ᠪᠠᠭᠤᠳᠠᠯ᠂ ᠠᠷᠠᠯᠵᠢᠶ᠎ᠠ ᠵᠡᠷᠭᠡ ᠣᠯᠠᠨ ᠬᠦᠷᠢᠶ᠎ᠡ ᠶᠢ ᠬᠠᠮᠤᠷᠴᠤ᠂ ᠰᠢᠶᠠᠨ ᠤ ᠬᠡᠪᠴᠢᠶᠡᠨ ᠤ ᠠᠵᠤ ᠠᠬᠤᠢ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠢᠯᠠᠩᠭᠤᠶ᠎ᠠ ᠭᠠᠳᠠᠭᠠᠳᠤ ᠪᠡᠯᠡ ᠶᠢᠨ ᠭᠠᠳᠠᠭᠠᠳᠤ ᠠᠷᠠᠯᠵᠢᠶᠠᠨ ᠤ ᠬᠤᠳᠠᠯᠳᠤᠭᠠᠴᠢᠨ ᠤᠷᠢᠬᠤ ᠲᠠᠯ᠎ᠠ ᠪᠠᠷ᠂ ᠬᠡᠳᠦ᠋ᠢᠪᠡᠷ ᠮᠠᠰᠢ ᠣᠯᠠᠨ ᠥᠷᠢᠰᠥᠯᠳᠦᠭᠡᠨ ᠳᠤ ᠲᠤᠯᠭᠠᠷᠠᠭᠰᠠᠨ ᠪᠣᠯᠪᠠᠴᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠮᠥᠨ ᠯᠡ ᠴᠥᠬᠦᠷᠡᠰᠢ ᠦᠭᠡᠢ ᠴᠢᠷᠮᠠᠶᠢᠵᠤ᠂ ᠨᠢᠭᠡ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠤᠭᠰᠠᠨ ᠪᠥᠭᠡᠳ ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠬᠤ ᠣᠯᠠᠨ ᠠᠵᠤ ᠠᠬᠤᠶᠢᠯᠠᠯ ᠢ ᠪᠤᠶᠢᠵᠢᠭᠤᠯᠵᠤ᠂ ᠭᠠᠳᠠᠭᠠᠳᠤ ᠭᠠᠷᠭᠠᠯᠲᠠ ᠶᠢᠨ ᠬᠡᠮᠵᠢᠶᠡᠨ ᠤ ᠨᠡᠮᠡᠭᠳᠡᠯ ᠢ ᠪᠡᠶᠡᠯᠡᠭᠦᠯᠵᠦ᠂ ᠣᠳᠣ ᠦᠶ᠎ᠡ ᠶᠢᠨ ᠠᠷᠠᠯᠵᠢᠶ᠎ᠠ ᠠᠷᠠᠯᠵᠢᠶᠠᠨ ᠤ ᠦᠢᠯᠡᠰ ᠤᠨ ᠲᠦᠷᠭᠡᠨ ᠤᠷᠤᠭᠰᠢᠯᠠᠯᠲᠠ ᠶᠢᠨ ︽ᠬᠥᠭᠵᠢᠯᠲᠡ ᠶᠢᠨ ᠠᠶ᠎ᠠ︾ ᠶᠢ ᠴᠤᠤᠷᠢᠶᠠᠲᠤᠭᠤᠯᠪᠠ᠃    ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠨ᠎ᠡ ᠬᠠᠭᠤᠳᠠᠰᠤ︾ ᠶᠢ ᠪᠢᠴᠢᠭᠯᠡᠶ᠎ᠡ    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠣᠯ ᠭᠦᠶᠡᠩ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠭᠤᠣᠯᠳᠠᠯᠭ᠎ᠠ ᠲᠠᠢ ᠠᠵᠢᠯ ᠤᠨ ᠨᠢᠭᠡ ᠪᠣᠯᠤᠨ᠎ᠠ᠃ ᠡᠨᠡ ᠬᠦ ᠬᠠᠷᠠᠯᠲᠠ ᠶᠢᠨ ᠲᠣᠭᠤᠷᠢᠨ ᠳᠤ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠲᠠᠶᠢᠯᠬᠤ ᠰᠡᠳᠬᠢᠬᠦᠢ︾ ᠪᠠᠷ ᠵᠢᠯᠣᠭᠤᠳᠣᠯᠭ᠎ᠠ ᠪᠣᠯᠭᠠᠵᠤ᠂ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠨ᠎ᠡ ᠬᠠᠭᠤᠳᠠᠰᠤ︾ ᠶᠢ ᠪᠢᠴᠢᠭᠯᠡᠪᠡ᠃  ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ︔ ᠬᠠᠩᠭᠠᠯᠭ᠎ᠠ ᠶᠢᠨ ᠬᠡᠯᠬᠢᠶ᠎ᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠢᠳᠡᠪᠬᠢᠲᠡᠢ ᠪᠠᠶᠢᠭᠤᠯᠵᠤ᠂ ᠲᠠᠷᠢᠶᠠᠯᠠᠩ ᠢ ᠳᠡᠮᠵᠢᠬᠦ᠂ ᠰᠢᠨᠬᠤᠸᠠ ᠨᠡᠶᠢᠭᠡᠮ ᠲᠣᠭᠤᠷᠢᠭ ᠨᠢᠭᠡᠨᠲᠡ ᠭᠤᠷᠪᠠᠳᠤᠭᠠᠷ ᠪᠦᠯᠦᠭ ᠤᠨ ᠪᠤᠭᠤᠲᠤ ᠬᠤᠲᠠ ᠶᠢᠨ ᠨᠢᠭᠡ ᠮᠦᠴᠡᠲᠤ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢᠨ ᠲᠤᠷᠰᠢᠯᠲᠠ ᠶᠢᠨ ᠴᠡᠭ ᠲᠤ ᠰᠣᠩᠭᠤᠭᠳᠠᠨ ᠣᠷᠣᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠳᠥᠭᠦᠮ ᠳᠥᠲᠡ ᠬᠡᠮᠵᠢᠶ᠎ᠡ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ᠃ ᠢᠯᠠᠩᠭᠤᠶ᠎ᠠ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ᠂ ᠪᠥᠬᠦ ᠰᠢᠶᠠᠨ ᠤ ᠭᠡᠷ ᠤᠨ ᠴᠠᠬᠢᠯᠭᠠᠨ ᠬᠡᠷᠡᠭᠰᠡᠯ᠂ ᠮᠠᠰᠢᠨ ᠲᠡᠷᠭᠡ ᠪᠣᠷᠣᠯᠠᠭᠤᠯᠬᠤ ᠭᠤᠣᠯ ᠴᠣᠭᠴᠠ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠢ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠂ ᠭᠦᠶᠡᠩ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠮᠥᠨ ᠬᠦ ᠰᠢᠢᠳᠪᠦᠷᠢᠯᠡᠬᠦ ᠲᠥᠰᠦᠯ ᠢ ᠢᠳᠡᠪᠬᠢᠲᠡᠢ ᠡᠷᠢᠯᠬᠢᠯᠡᠵᠦ᠂ ᠭᠦᠶᠡᠩ ᠰᠢᠶᠠᠨ ᠤ ᠴᠠᠩ ᠱᠧᠩ ᠳᠤᠭᠤᠢ ᠲᠡᠷᠭᠡᠨ ᠤ ᠠᠶᠠᠯᠠᠯ ᠢ ᠬᠠᠪᠰᠤᠷᠤᠨ ᠨᠢᠭᠡᠳᠦᠭᠡᠷ ᠪᠦᠯᠦᠭ ᠤᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠪᠣᠷᠣᠯᠠᠭᠤᠯᠭ᠎ᠠ ᠶᠢᠨ ᠭᠤᠣᠯ ᠴᠣᠭᠴᠠ ᠪᠠᠷ ᠠᠮᠵᠢᠯᠲᠠ ᠲᠠᠢ ᠪᠠᠷ ᠰᠣᠩᠭᠤᠭᠳᠠᠪᠠ᠃ ᠡᠭᠦᠨ ᠤ ᠬᠠᠮᠲᠤ᠂ ᠬᠡᠷᠡᠭᠯᠡᠭᠡᠨ ᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠣᠬᠢᠷᠲᠤᠯ ᠦᠭᠡᠢ ᠬᠡᠷᠡᠭᠯᠡᠭᠡ ᠶᠢ ᠠᠬᠢᠭᠤᠯᠬᠤ ᠶᠢᠨ ᠲᠥᠯᠥᠭᠡ᠂ ᠣᠨᠴᠠᠭᠠᠶᠢᠯᠠᠨ ᠭᠡᠷ ᠤᠨ ᠴᠠᠬᠢᠯᠭᠠᠨ ᠬᠡᠷᠡᠭᠰᠡᠯ ᠤᠨ ᠬᠦᠷᠢᠶ᠎ᠡ ︵ᠬᠡᠳᠦ᠋ᠢᠪᠡᠷ ᠭᠦᠶᠡᠩ ᠰᠢᠶᠠᠨ ᠤ ᠳᠣᠲᠣᠷ᠎ᠠ ᠲᠦᠷ ᠠᠵᠤ ᠠᠬᠤᠶᠢᠯᠠᠯ ᠳᠤ ᠨᠡᠶᠢᠴᠡᠬᠦ ᠦᠭᠡᠢ︶ ᠳᠤ ᠴᠢᠭᠯᠡᠭᠦᠯᠵᠦ᠂ ᠨᠢᠭᠡ ᠤᠳᠠᠭᠠᠨ ᠤ ︽ᠪᠣᠬᠢᠷᠲᠤᠯ ᠦᠭᠡᠢ ᠴᠠᠬᠢᠯᠭᠠᠨ ᠤ ᠠᠵᠢᠯᠯᠠᠭ᠎ᠠ ᠶᠢᠨ ᠡᠨᠧᠷᠭᠢ ᠠᠷᠪᠢᠯᠠᠬᠤ ᠨᠥᠬᠦᠪᠥᠷᠢ︾ ᠶᠢᠨ ᠲᠤᠰᠬᠠᠢ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠲᠤᠰᠬᠠᠢ ᠪᠡᠯᠡ ᠮᠥᠩᠭᠦ 3 ᠲᠦᠮᠡᠨ ᠲᠥᠭᠦᠷᠢᠭ ᠣᠷᠣᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ 30 ᠲᠦᠮᠡᠨ ᠲᠥᠭᠦᠷᠢᠭ ᠳᠠᠶᠢᠴᠢᠯᠠᠵᠤ᠂ ᠪᠣᠬᠢᠷᠲᠤᠯ ᠦᠭᠡᠢ ᠬᠡᠷᠡᠭᠯᠡᠭᠡ ᠪᠠ ᠭᠡᠷ ᠤᠨ ᠴᠠᠬᠢᠯᠭᠠᠨ ᠬᠡᠷᠡᠭᠰᠡᠯ ᠤᠨ ᠠᠵᠢᠯ ᠲᠥᠷᠥᠯ ᠤᠨ ᠪᠣᠬᠢᠷᠲᠤᠯ ᠦᠭᠡᠢ ᠳᠡᠰ ᠳᠡᠪᠰᠢᠬᠦ ᠶᠢ ᠠᠬᠢᠭᠤᠯᠪᠠ︔ ᠭᠦᠶᠡᠩ ᠰᠢᠶᠠᠨ ᠤ ᠬᠤᠶᠠᠳᠤᠭᠠᠷ ᠬᠤᠭᠤᠴᠠᠭᠠᠨ ᠤ ︽ᠲᠠᠷᠢᠶᠠᠯᠠᠩ ᠤᠨ ᠪᠦᠲᠦᠭᠡᠭᠳᠡᠬᠦᠨ ᠢ ᠬᠠᠪᠰᠤᠷᠤᠨ ᠪᠣᠷᠣᠯᠠᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠲᠠᠷᠢᠶᠠᠴᠢᠨ ᠠᠵᠤ ᠠᠬᠤᠶᠢᠯᠠᠯ ᠬᠠᠮᠲᠤᠷᠠᠨ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ ᠵᠢᠴᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠵᠠᠮ ᠡᠷᠢᠵᠦ᠂ ᠠᠰᠢᠭ ᠣᠷᠣᠯᠭ᠎ᠠ ᠶᠢ ᠨᠡᠮᠡᠭᠳᠡᠭᠦᠯᠬᠦ ᠪᠠᠷ ᠳᠠᠮᠵᠢᠭᠤᠯᠤᠨ᠂ ᠠᠵᠢᠯᠯᠠᠭ᠎ᠠ ᠳᠤ ᠬᠤᠳᠠᠯᠳᠤᠨ ᠠᠪᠤᠭᠰᠠᠨ ᠵᠣᠭᠤᠰ ᠤᠨ ᠲᠤᠭ᠎ᠠ 628 ᠲᠦᠮᠡᠨ ᠲᠥᠭᠦᠷᠢᠭ᠂ ᠨᠡᠶᠢᠲᠡ 2376 ᠲᠦᠮᠡᠨ ᠲᠥᠭᠦᠷᠢᠭ ᠢ ᠪᠡᠶᠡᠯᠡᠭᠦᠯᠵᠦ᠂ ᠭᠦᠶᠡᠩ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠬᠦ ᠲᠠᠯ᠎ᠠ ᠪᠠᠷ ᠬᠢ ᠣᠶᠤᠨ ᠤᠬᠠᠭᠠᠨ ᠪᠠ ᠡᠭᠦᠷᠭᠡᠯᠡᠯ ᠢ ᠢᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠭᠦᠶᠡᠩ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠰᠡᠳᠬᠢᠮᠵᠢ ᠶᠢ ᠪᠣᠢ ᠪᠣᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽ᠵᠣᠷᠢᠭᠲᠠᠢ ᠪᠠᠷ ᠰᠢᠢᠳᠪᠦᠷᠢᠯᠡᠬᠦ︾ ᠰᠥᠰᠥ ᠵᠣᠷᠢᠭ᠂ ︽ᠴᠢᠳᠠᠮᠠᠭᠠᠢ ᠪᠠᠷ ᠰᠢᠢᠳᠪᠦᠷᠢᠯᠡᠬᠦ︾ ᠴᠢᠳᠠᠪᠤᠷᠢ ᠪᠠᠨ ᠳᠡᠭᠡᠭᠰᠢᠯᠡᠭᠦᠯᠵᠦ᠂ ︽ᠵᠠᠪᠠᠯ ᠰᠢᠢᠳᠪᠦᠷᠢᠯᠡᠬᠦ︾ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠥᠷᠢᠰᠥᠯᠳᠦᠭᠡᠨ ᠢ ᠠᠵᠠ ᠲᠣᠬᠢᠶᠠᠯ ᠪᠣᠯᠭᠠᠨ ᠬᠤᠪᠢᠷᠠᠭᠤᠯᠵᠤ᠂ ᠠᠰᠢᠭ ᠦᠭᠡᠢ ᠪᠠᠶᠢᠳᠠᠯ ᠢ ᠠᠰᠢᠭᠲᠠᠢ ᠪᠣᠯᠭᠠᠵᠤ᠂ ᠳᠤᠲᠠᠭᠤᠳᠠᠯ ᠢ ᠠᠬᠢᠭᠤᠯᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ᠪᠥᠬᠦ ᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠶᠠᠪᠤᠴᠠ ᠳᠤ ᠬᠤᠳᠠᠯᠳᠤᠭᠠᠨ ᠤ ᠶᠠᠪᠤᠳᠠᠯ ᠤᠨ ᠡᠭᠦᠷᠭᠡᠯᠡᠯ ᠢᠶᠠᠨ ᠢᠯᠡᠷᠡᠭᠦᠯᠦᠨ᠎ᠡ᠃  
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号