ᠭᠦᠶᠡᠩ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂12345 ᠤᠲᠠᠰᠤ ᠶᠢ ᠰᠢᠢᠳᠪᠦᠷᠢᠯᠡᠬᠦ ᠠᠵᠢᠯ ᠢ | ᠪᠠᠷᠢᠮᠲᠠᠯᠠᠪᠠ | ᠨᠡᠶᠢᠭᠡᠮ ᠤᠨ ᠵᠠᠰᠠᠯᠲᠠ ᠶᠢᠨ ᠠᠵᠢᠯ ᠤᠨ ︽ᠴᠠᠭ ᠠᠭᠤᠷ ᠤᠨ ᠬᠡᠮᠵᠢᠭᠦᠷ︾ ᠪᠣᠯᠤᠭᠰᠠᠨ ᠤ ᠬᠤᠪᠢ ᠳᠤ᠂ ᠣᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠡᠳᠦᠭᠡᠷ ᠳᠣᠬᠢᠶ᠎ᠠ ᠪᠣᠯᠭᠠᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠲᠠᠢ᠂ | ᠠᠰᠠᠭᠤᠳᠠᠯ ᠢ ᠰᠢᠯᠢᠳᠡᠭᠵᠢᠭᠦᠯᠬᠦ︾ ᠰᠡᠳᠬᠢᠬᠦᠢ ᠶᠢᠨ ᠬᠡᠯᠪᠡᠷᠢ ᠶᠢ ᠪᠠᠷᠢᠮᠲᠠᠯᠠᠬᠤ ᠬᠡᠷᠡᠭᠲᠡᠢ᠃ᠣᠯᠠᠨ ᠲᠦᠮᠡᠨ ᠤ | ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠣᠯᠠᠨ | ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠠᠯᠠᠭᠤᠨ | ᠤᠲᠠᠰᠤᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ ᠲᠣᠭᠲᠠᠴᠠ ᠶᠢ ᠰᠢᠯᠢᠳᠡᠭᠵᠢᠭᠦᠯᠵᠦ᠂ ᠬᠠᠷᠢᠭᠤᠴᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠪᠣᠳᠠᠲᠠᠶᠢᠵᠢᠭᠤᠯᠤᠨ᠎ᠠ᠃ | 12345 ᠬᠠᠯᠠᠭᠤᠨ ᠤᠲᠠᠰᠤᠨ ᠤ ᠠᠵᠢᠯ ᠤᠨ ᠵᠠᠳᠠᠯᠤᠯᠲᠠ ᠶᠢᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ | ᠬᠤᠷᠠᠯᠳᠤᠭᠤᠯᠵᠤ᠂ ︽ᠠᠵᠢᠯ ᠤᠨ ᠬᠠᠭᠤᠳᠠᠰᠤ ᠶᠢ ᠪᠠᠭᠤᠷᠠᠭᠤᠯᠵᠤ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ︾ | ᠬᠤᠶᠠᠷ ᠵᠠᠩᠭᠢᠯᠠᠭ᠎ᠠ ᠶᠢᠨ ᠴᠡᠭ ᠢ ᠲᠣᠪᠤᠶᠢᠯᠭᠠᠨ᠂ ᠪᠥᠬᠦ ᠰᠢᠶᠠᠨ ᠤ ᠬᠠᠯᠠᠭᠤᠨ ᠤᠲᠠᠰᠤ ᠶᠢ ᠭᠦᠢᠴᠡᠳᠬᠡᠭᠰᠡᠨ᠂ | ᠬᠠᠷᠢᠭᠤᠯᠤᠭᠰᠠᠨ᠂ ᠬᠠᠷᠢᠭᠤ ᠰᠤᠷᠪᠤᠯᠵᠢᠯᠠᠭᠰᠠᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠪᠤᠳᠤᠯᠢᠶᠠᠨᠲᠠᠢ | ᠲᠦᠪᠡᠭᠲᠡᠢ ᠭᠤᠮᠣᠳᠠᠯ ᠱᠠᠭᠠᠷᠳᠠᠯᠭ᠎ᠠ ᠳᠤ ︽ᠨᠢᠭᠡ ᠶᠠᠪᠤᠳᠠᠯ ᠢ ᠨᠢᠭᠡ ᠵᠥᠪᠯᠡᠵᠦ᠂ ᠨᠢᠭᠡ ᠶᠠᠪᠤᠳᠠᠯ ᠢ ᠨᠢᠭᠡ ᠪᠣᠳᠣᠯᠭ᠎ᠠ | ︾ ᠳᠤ ᠲᠥᠪᠯᠡᠷᠡᠭᠦᠯᠦᠨ ᠳᠠᠬᠢᠨ ᠪᠦᠷᠢᠳᠬᠡᠬᠦ ᠶᠢ ᠪᠠᠷᠢᠮᠲᠠᠯᠠᠵᠤ᠂ ᠨᠠᠷᠢᠯᠢᠭ ᠣᠨᠣᠴᠠᠲᠠᠢ ᠪᠠᠷ ᠲᠥᠷᠥᠯ ᠬᠤᠪᠢᠶᠠᠨ | ᠰᠢᠢᠳᠪᠦᠷᠢᠯᠡᠬᠦ ᠶᠢ ᠵᠢᠯᠣᠭᠤᠳᠪᠠ᠃ ︽ᠡᠳᠦᠷ ᠪᠦᠷᠢ ᠡᠮᠬᠢᠯᠡᠨ ᠲᠢᠭᠯᠡᠵᠦ᠂ ᠭᠠᠷᠠᠭ ᠢᠶᠠᠷ ᠬᠤᠷᠢᠶᠠᠩᠭᠤᠶᠢᠯᠠᠵᠤ᠂ | ᠰᠠᠷ᠎ᠠ ᠶᠢᠨ ᠳ᠋ᠦᠩᠨᠡᠯᠲᠡ︾ ᠶᠢᠨ ᠳᠦᠷᠢᠮ ᠢ ᠪᠠᠶᠢᠭᠤᠯᠵᠤ᠂ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢᠨ | ᠲᠥᠷᠥᠯ ᠬᠡᠯᠪᠡᠷᠢ᠂ ᠰᠢᠯᠲᠠᠭᠠᠨ᠂ ᠰᠢᠢᠳᠪᠦᠷᠢᠯᠡᠬᠦ ᠲᠥᠰᠦᠯ ᠢ ᠪᠦᠬᠦ ᠲᠠᠯ᠎ᠠ ᠪᠠᠷ ᠵᠠᠳᠠᠯᠵᠤ᠂ ᠬᠠᠯᠠᠮᠰᠢᠯ ᠤᠲᠠᠰᠤ ᠶᠢᠨ | ᠲᠤᠰᠬᠠᠭᠰᠠᠨ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠶᠠᠷᠢᠯᠴᠠᠨ ᠰᠢᠢᠳᠪᠦᠷᠢᠯᠡᠵᠦ᠂ ᠰᠠᠷ᠎ᠠ ᠪᠦᠷᠢ ᠪᠥᠬᠦ | ᠰᠢᠶᠠᠨ ᠤ ᠬᠠᠯᠠᠮᠰᠢᠯ ᠤᠲᠠᠰᠤ ᠶᠢᠨ ᠠᠵᠢᠯ ᠤᠨ ᠪᠠᠶᠢᠳᠠᠯ ᠵᠢᠴᠢ ᠡᠯ᠎ᠡ ᠳᠠᠭᠠᠭᠠᠨ ᠭᠦᠢᠴᠡᠳᠬᠡᠬᠦ ᠨᠢᠭᠡᠴᠡ ᠶᠢᠨ | ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠭᠦᠢᠴᠡᠳᠬᠡᠵᠦ᠂ ᠮᠡᠳᠡᠯᠭᠡ ᠶᠢᠨ ᠬᠥᠮᠥᠷᠭᠡ ᠶᠢ ᠬᠠᠮᠠᠭᠠᠯᠠᠭᠰᠠᠨ | ᠪᠠᠶᠢᠳᠠᠯ ᠢ ᠪᠢᠴᠢᠭ ᠢᠶᠠᠷ ᠳ᠋ᠦᠩᠨᠡᠵᠦ᠂ ᠬᠠᠨᠳᠤᠯᠭᠠᠲᠤ ᠴᠢᠨᠠᠷᠲᠠᠢ ᠪᠠᠷ ᠵᠢᠯᠣᠭᠤᠳᠴᠤ᠂ ᠰᠠᠶᠢᠵᠢᠷᠠᠭᠤᠯᠤᠨ | ᠳᠡᠭᠡᠭᠰᠢᠯᠡᠭᠦᠯᠪᠡ᠃ | ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠵᠦ᠂ ᠠᠷᠠᠳ ᠲᠦᠮᠡᠨ ᠳᠤ ᠦᠢᠯᠡᠴᠢᠯᠡᠬᠦ ᠶᠢ | ᠡᠴᠦᠰ ᠲᠤᠨᠢ ᠲᠤᠯᠲᠠᠯ᠎ᠠ ᠪᠡᠶᠡᠯᠡᠭᠦᠯᠦᠨ᠎ᠡ᠃ | ᠪᠠᠭ᠎ᠠ ᠠᠴᠠ ᠨᠢᠭᠡ ᠬᠤᠳᠳᠤᠭ ᠤᠨ ᠠᠮᠠᠰᠠᠷ᠂ ᠨᠢᠭᠡ ᠴᠠᠬᠢᠯᠭᠠᠨ ᠤᠲᠠᠰᠤᠨ ᠤ ᠶᠡᠭᠡ ᠶᠢ ᠬᠤᠲᠠ ᠶᠢᠨ | ᠪᠦᠲᠦᠭᠡᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠬᠦᠷᠲᠡᠯ᠎ᠡ ᠁ ᠣᠯᠠᠨ ᠲᠦᠮᠡᠨ ᠤ | ᠭᠤᠮᠣᠳᠠᠯ ᠲᠣᠭᠠᠴᠢᠯᠲᠠ ᠶᠢᠨ ᠠᠵᠢᠯ ᠤᠨ ᠬᠠᠭᠤᠳᠠᠰᠤ ᠶᠢ ᠰᠡᠳᠬᠢᠯ ᠬᠠᠨᠤᠮᠵᠢᠲᠠᠢ ᠰᠢᠢᠳᠪᠦᠷᠢᠯᠡᠵᠦ | ᠳᠠᠭᠤᠰᠬᠠᠭᠰᠠᠨ ᠤ ᠳᠠᠷᠠᠭ᠎ᠠ᠂ ᠵᠣᠯ ᠵᠢᠷᠭᠠᠯᠲᠤ ᠬᠠᠶᠢᠷ᠎ᠠ ᠬᠠᠯᠠᠮᠵᠢ ᠶᠢ ᠪᠢᠴᠢᠭᠰᠡᠨ ︽ᠠᠷᠠᠳ ᠤᠨ ᠠᠮᠢᠳᠤᠷᠠᠯ ᠤᠨ | ᠬᠠᠷᠢᠭᠤᠯᠲᠠ ᠶᠢᠨ ᠬᠠᠭᠤᠳᠠᠰᠤ︾ ᠪᠣᠯᠤᠨ᠎ᠠ᠃ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠡᠭᠡᠳᠦ | ᠱᠠᠲᠤᠨ ᠤ ᠰᠢᠯᠵᠢᠭᠦᠯᠦᠨ ᠲᠣᠮᠢᠯᠠᠭᠰᠠᠨ ᠠᠵᠢᠯ ᠤᠨ ᠬᠠᠭᠤᠳᠠᠰᠤ ᠶᠢ ᠣᠯᠤᠭᠰᠠᠨ ᠤ ᠳᠠᠷᠠᠭ᠎ᠠ᠂ ᠬᠠᠮᠤᠭ ᠤᠨ | ᠲᠡᠷᠢᠭᠦᠨ ᠳᠤ ᠬᠠᠯᠠᠭᠤᠨ ᠤᠲᠠᠰᠤᠨ ᠤ ᠭᠤᠮᠣᠳᠠᠯ ᠱᠠᠭᠠᠷᠳᠠᠯᠭ᠎ᠠ ᠶᠢ ᠵᠠᠳᠠᠯᠤᠨ ᠰᠤᠳᠤᠯᠵᠤ ᠮᠠᠭᠠᠳᠯᠠᠬᠤ᠂ ᠣᠨᠢᠨ | ᠳᠡᠭᠡᠷ᠎ᠡ ᠨᠢ ᠬᠠᠭᠤᠳᠠᠰᠤ ᠲᠣᠮᠢᠯᠠᠵᠤ᠂ ᠲᠤᠰᠬᠠᠢ ᠬᠥᠮᠦᠨ ᠲᠣᠬᠢᠷᠠᠭᠤᠯᠤᠨ ᠠᠵᠢᠯ ᠤᠨ ᠬᠠᠭᠤᠳᠠᠰᠤ ᠶᠢ | ᠭᠦᠢᠴᠡᠳᠬᠡᠭᠰᠡᠨ ᠪᠠᠶᠢᠳᠠᠯ ᠢ ᠡᠴᠦᠰ ᠲᠤᠨᠢ ᠲᠤᠯᠲᠠᠯ᠎ᠠ ᠮᠥᠷᠳᠡᠵᠦ᠂ ᠰᠢᠢᠳᠪᠦᠷᠢᠯᠡᠬᠦ ᠶᠠᠪᠤᠴᠠ ᠶᠢᠨ ᠥᠨᠳᠥᠷ | ᠪᠦᠲᠦᠮᠵᠢᠲᠡᠢ ᠪᠢᠲᠡᠭᠦᠦ ᠴᠠᠭᠠᠷᠢᠭ ᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠣᠯᠠᠨ ᠲᠦᠮᠡᠨ ᠤ ᠭᠤᠮᠣᠳᠠᠯ | ᠲᠣᠭᠠᠴᠢᠯᠲᠠ ᠶᠢᠨ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠳᠤ ᠴᠢᠭᠯᠡᠭᠦᠯᠦᠨ᠂ ᠳᠠᠭᠠᠭᠠᠨ ᠠᠪᠴᠤ | ᠭᠦᠢᠴᠡᠳᠬᠡᠬᠦ ᠨᠢᠭᠡᠴᠡ ᠲᠠᠢ ᠬᠠᠮᠲᠤ ᠪᠠᠷ ᠰᠢᠯᠲᠠᠭᠠᠨ ᠢ ᠨᠢ ᠡᠷᠢᠵᠦ᠂ ᠣᠯᠠᠨ ᠡᠰᠢᠲᠦ ᠬᠦᠴᠦᠨ ᠢ ᠵᠣᠬᠢᠴᠠᠭᠤᠯᠤᠨ | ᠬᠠᠮᠲᠤᠷᠠᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠰᠠᠭᠤᠳᠠᠯ ᠢ ᠰᠢᠢᠳᠪᠦᠷᠢᠯᠡᠬᠦ ᠳᠤ ᠬᠦᠴᠦᠨ | ᠨᠡᠮᠡᠷᠢᠯᠡᠵᠦ᠂ ᠰᠢᠢᠳᠪᠦᠷᠢᠯᠡᠵᠦ ᠳᠡᠶᠢᠯᠬᠦ ᠶᠢ ᠨᠢ ᠲᠡᠷᠡ ᠳᠠᠷᠤᠢ ᠳᠤᠨᠢ ᠰᠢᠢᠳᠪᠦᠷᠢᠯᠡᠬᠦ ᠬᠡᠷᠡᠭᠲᠡᠢ︔ ᠰᠢᠢᠳᠪᠦᠷᠢᠯᠡᠵᠦ | ᠳᠡᠶᠢᠯᠬᠦ ᠦᠭᠡᠢ ᠶᠢ ᠨᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠶᠢ ᠰᠢᠢᠳᠪᠦᠷᠢᠯᠡᠬᠦ ᠴᠠᠭ ᠤᠨ ᠬᠢᠵᠠᠭᠠᠷ ᠢ | ᠲᠣᠳᠣᠷᠬᠠᠶᠢᠯᠠᠬᠤ ᠶᠢᠨ ᠬᠠᠮᠲᠤ ᠣᠯᠠᠨ ᠲᠦᠮᠡᠨ ᠤ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠶᠢ ᠱᠠᠭᠠᠷᠳᠠᠪᠠ᠃ | ᠵᠠᠭᠠᠯᠳᠤᠯᠭ᠎ᠠ ᠬᠢᠭᠰᠡᠨ ᠦᠭᠡᠢ ᠪᠣᠯ ᠤᠷᠢᠳᠠᠪᠠᠷ ᠰᠢᠢᠳᠪᠦᠷᠢᠯᠡᠵᠦ᠂ ᠣᠯᠠᠨ ᠲᠦᠮᠡᠨ ᠳᠤ ᠦᠢᠯᠡᠴᠢᠯᠡᠬᠦ ︽ | ᠰᠠᠨᠠᠭᠠᠴᠢᠯᠠᠭ᠎ᠠ ᠠᠴᠠ ᠪᠠᠨ ᠨᠢᠭᠡ ᠠᠯᠬᠤᠮ ᠤᠷᠤᠭᠰᠢᠯᠠᠬᠤ︾ ᠬᠡᠷᠡᠭᠲᠡᠢ᠃ | ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ︽ᠵᠠᠭᠠᠯᠳᠤᠭᠰᠠᠨ ᠦᠭᠡᠢ ᠪᠣᠯ ᠤᠷᠢᠳᠠᠪᠠᠷ | ᠰᠢᠢᠳᠪᠦᠷᠢᠯᠡᠬᠦ︾ ᠣᠶᠢᠯᠠᠭᠠᠭᠳᠠᠬᠤᠨ ᠢ ᠣᠯᠠᠨ ᠲᠦᠮᠡᠨ ᠳᠤ ᠦᠢᠯᠡᠴᠢᠯᠡᠬᠦ ᠲᠠᠯ᠎ᠠ ᠪᠦᠬᠦᠨ ᠳᠤ ᠲᠤᠭᠤᠰᠢᠯᠠᠭᠤᠯᠵᠤ᠂ | ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠣᠶᠤᠨᠴᠢ ᠮᠡᠳᠡᠯᠭᠡ ᠶᠢᠨ ᠬᠥᠮᠥᠷᠭᠡ ᠶᠢ ᠬᠠᠮᠠᠭᠠᠯᠠᠬᠤ᠂ ᠰᠠᠯᠠᠭ᠎ᠠ | ᠮᠥᠴᠢᠷ ᠤᠨ ᠬᠠᠯᠠᠮᠰᠢᠯ ᠤᠲᠠᠰᠤ ᠶᠢ ᠨᠡᠪᠲᠡᠷᠡᠭᠦᠯᠬᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ | ᠠᠷᠢᠯᠭᠠᠬᠤ ᠪᠠ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠤᠷᠤᠭᠰᠢ ᠨᠢᠭᠡ ᠠᠯᠬᠤᠮ ᠳᠤ᠂ ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠵᠦ᠂ ᠰᠠᠨᠠᠭᠠᠴᠢᠯᠠᠭ᠎ᠠ ᠠᠴᠠ ᠪᠠᠨ | ᠠᠰᠠᠭᠤᠳᠠᠯ ᠢ ᠰᠢᠢᠳᠪᠦᠷᠢᠯᠡᠵᠦ ᠪᠠᠶᠢᠭᠰᠠᠨ ᠠᠴᠠ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠬᠦ ᠲᠡᠰᠢ | ᠬᠤᠪᠢᠷᠠᠵᠤ᠂ ︽ᠵᠠᠭᠠᠯᠳᠤᠬᠤ︾ ᠠᠴᠠ ᠡᠮᠦᠨ᠎ᠡ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠢ ᠲᠦᠷᠭᠡᠨ | ᠰᠢᠢᠳᠪᠦᠷᠢᠯᠡᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ | ᠡᠨᠡ ᠵᠢᠯ ᠠᠴᠠ ᠨᠠᠰᠢ᠂ ᠵᠠᠭᠠᠯᠳᠤᠭᠰᠠᠨ ᠦᠭᠡᠢ ᠪᠠᠷ 24 ᠵᠦᠢᠯ ᠤᠨ ᠵᠥᠷᠢᠴᠡᠯ ᠵᠢᠭᠤᠷᠠᠯᠳᠤᠭᠠᠨ ᠢ | ᠠᠮᠵᠢᠯᠲᠠ ᠲᠠᠢ ᠪᠠᠷ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ 136 ᠠᠰᠠᠭᠤᠳᠠᠯ ᠢ ᠴᠠᠭ ᠲᠤᠬᠠᠢ ᠳᠤᠨᠢ | ᠪᠦᠲᠦᠮᠵᠢᠲᠡᠢ ᠰᠢᠢᠳᠪᠦᠷᠢᠯᠡᠪᠡ᠃ | | |