ᠭᠦᠶᠡᠩ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ | ᠬᠤᠲᠠ ᠶᠢᠨ ᠦᠵᠡᠮᠵᠢ ᠶᠢᠨ ᠤᠯᠠᠨ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ | ᠥᠷᠨᠢᠭᠦᠯᠪᠡ | ᠪᠣᠳᠠᠲᠠᠢ ᠠᠵᠢᠯ ᠤᠨ ᠠᠭᠤᠯᠭ᠎ᠠ ᠨᠢ ᠶᠠᠭᠤ ᠪᠠᠶᠢᠳᠠᠭ ᠪᠤᠢ︖ | ᠨᠠᠶᠢᠷᠠᠭᠤᠯᠤᠭᠴᠢ ᠲᠠᠢ ᠨᠢ ᠬᠠᠮᠲᠤ ᠣᠴᠢᠶ᠎ᠠ᠃ | ᠢᠳᠡᠭᠡᠨ ᠤᠮᠳᠠᠭᠠᠨ ᠤ ᠦᠢᠯᠡᠰ ᠤᠨ ᠲᠣᠰᠣᠨ ᠤᠲᠤᠭ᠎ᠠ ᠶᠢ ᠴᠡᠪᠡᠷᠰᠢᠭᠦᠯᠬᠦ ᠲᠥᠬᠦᠭᠡᠷᠦᠮᠵᠢ ᠶᠢ ᠴᠡᠭᠴᠡᠯᠡᠨ ᠵᠠᠰᠠᠬᠤ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠶᠢᠨ | ᠲᠣᠭᠤᠷᠢᠭ ᠤᠨ ᠠᠭᠠᠷ ᠤᠨ ᠶᠠᠰᠤ ᠴᠢᠨᠠᠷ ᠢ ᠰᠠᠶᠢᠵᠢᠷᠠᠭᠤᠯᠤᠨ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ | ᠪᠠᠲᠤᠯᠠᠬᠤ ᠶᠢᠨ ᠲᠥᠯᠥᠭᠡ᠂ ᠭᠦᠶᠡᠩ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠶᠡᠭᠡ ᠠᠩᠭᠢ 2024 ᠣᠨ ᠤ 11 ᠰᠠᠷ᠎ᠠ ᠠᠴᠠ ᠡᠬᠢᠯᠡᠨ ᠪᠥᠬᠦ ᠰᠢᠶᠠᠨ ᠤ ᠬᠡᠪᠴᠢᠶᠡᠨ ᠳᠤ ᠬᠤᠲᠠ ᠲᠣᠭᠤᠷᠢᠭ ᠤᠨ | ᠢᠳᠡᠭᠡᠨ ᠤᠮᠳᠠᠭᠠᠨ ᠤ ᠦᠢᠯᠡᠰ ᠤᠨ ᠬᠤᠭᠤᠴᠠᠭ᠎ᠠ ᠬᠢᠵᠠᠭᠠᠷᠯᠠᠨ ᠲᠣᠰᠣᠨ ᠤᠲᠤᠭ᠎ᠠ ᠴᠡᠪᠡᠷᠰᠢᠭᠦᠯᠬᠦ ᠲᠥᠬᠦᠭᠡᠷᠦᠮᠵᠢ | ᠤᠭᠰᠠᠷᠠᠬᠤ ᠠᠵᠢᠯᠯᠠᠭ᠎ᠠ ᠶᠢ ᠥᠷᠨᠢᠭᠦᠯᠪᠡ᠃ | ᠬᠠᠷᠠᠯᠲᠠ ᠡᠲᠡᠭᠡᠳ᠄ ᠰᠢᠶᠠᠨ ᠤ ᠬᠤᠲᠠ ᠲᠣᠭᠤᠷᠢᠭ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠠᠵᠤ | ᠠᠬᠤᠶᠢᠯᠠᠯ ᠵᠢᠴᠢ ᠬᠤᠪᠢ ᠶᠢᠨ ᠳᠡᠯᠭᠡᠭᠦᠷ | ᠴᠠᠭ ᠤᠨ ᠱᠠᠭᠠᠷᠳᠠᠯᠭ᠎ᠠ᠄ ᠡᠯ᠎ᠡ ᠢᠳᠡᠭᠡᠨ ᠤᠮᠳᠠᠭᠠᠨ ᠤ ᠨᠢᠭᠡᠴᠡ 2024 ᠣᠨ ᠤ 11 ᠰᠠᠷ᠎ᠠ ᠠᠴᠠ 2024 ᠣᠨ ᠤ | 12 ᠰᠠᠷ᠎ᠠ ᠶᠢᠨ 31 ᠤ ᠡᠳᠦᠷ ᠪᠣᠯᠲᠠᠯ᠎ᠠ᠂ ᠪᠠᠷᠢᠮᠵᠢᠶᠠᠲᠤ ᠲᠣᠰᠣᠨ ᠤᠲᠤᠭ᠎ᠠ ᠶᠢ ᠴᠡᠪᠡᠷᠰᠢᠭᠦᠯᠬᠦ ᠲᠥᠬᠦᠭᠡᠷᠦᠮᠵᠢ ᠶᠢ | ᠤᠭᠰᠠᠷᠠᠬᠤ ᠠᠵᠢᠯ ᠢ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ᠃ | ᠲᠣᠨᠤᠭ ᠲᠥᠬᠦᠭᠡᠷᠦᠮᠵᠢ ᠶᠢᠨ ᠱᠠᠭᠠᠷᠳᠠᠯᠭ᠎ᠠ᠄ ᠤᠭᠰᠠᠷᠠᠭᠰᠠᠨ ᠲᠣᠰᠣ ᠤᠲᠤᠭ᠎ᠠ ᠶᠢ ᠴᠡᠪᠡᠷᠰᠢᠭᠦᠯᠬᠦ ᠲᠥᠬᠦᠭᠡᠷᠦᠮᠵᠢ ᠨᠢ | ᠡᠷᠬᠡᠪᠰᠢ ︽ᠳᠤᠮᠳᠠᠳᠤ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠳᠬᠦᠨ ᠤ ᠭᠡᠷᠡᠴᠢᠯᠡᠭᠡ︾ ᠶᠢᠨ | ᠦᠨᠡᠮᠯᠡᠯ ︵ᠳᠠᠷᠤᠢ ᠲᠥᠬᠦᠭᠡᠷᠦᠮᠵᠢ ᠨᠢ CCEP ᠲᠡᠮᠳᠡᠭ ᠲᠠᠢ ᠪᠠᠶᠢᠬᠤ ᠬᠡᠷᠡᠭᠲᠡᠢ︶ ᠲᠠᠢ ᠪᠠᠶᠢᠬᠤ ᠬᠡᠷᠡᠭᠲᠡᠢ᠃ ᠳᠣᠣᠷ᠎ᠠ | ᠱᠤᠤᠭᠢᠶᠠᠨ ᠲᠠᠢ᠂ ᠥᠨᠳᠥᠷ ᠦᠷ᠎ᠡ ᠠᠰᠢᠭ ᠲᠠᠢ ᠰᠢᠯᠢᠳᠡᠭ ᠦᠢᠯᠡᠳᠬᠦᠨ ᠢ ᠤᠷᠢᠳᠠᠪᠠᠷ ᠰᠣᠩᠭᠤᠨ ᠬᠡᠷᠡᠭᠯᠡᠵᠦ᠂ | ᠲᠥᠬᠦᠭᠡᠷᠦᠮᠵᠢ ᠶᠢᠨ ᠴᠢᠳᠠᠪᠬᠢ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠲᠣᠰᠣᠨ ᠤᠲᠤᠭ᠎ᠠ ᠶᠢ | ᠴᠡᠪᠡᠷᠰᠢᠭᠦᠯᠬᠦ ᠪᠡᠯᠡᠳᠬᠡᠮᠵᠢ ᠨᠢ ᠲᠣᠰᠣᠨ ᠤᠲᠤᠭ᠎ᠠ ᠶᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨ ᠬᠦ | ᠪᠠᠲᠤᠯᠠᠵᠤ᠂ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠤᠨ ᠣᠷᠴᠢᠨ ᠲᠣᠭᠤᠷᠢᠨ ᠢ | ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠢ᠃ | ᠵᠠᠯᠭᠠᠮᠵᠢ ᠬᠠᠮᠢᠶᠠᠷᠤᠯᠲᠠ᠄ ᠡᠯ᠎ᠡ ᠢᠳᠡᠭᠡᠨ ᠤᠮᠳᠠᠭᠠᠨ ᠤ ᠨᠢᠭᠡᠴᠡ ᠨᠦᠭᠦᠳ ᠴᠡᠪᠡᠷᠰᠢᠭᠦᠯᠬᠦ ᠲᠥᠬᠦᠭᠡᠷᠦᠮᠵᠢ ᠶᠢᠨ | ᠠᠷᠠᠴᠢᠯᠠᠨ ᠬᠠᠮᠠᠭᠠᠯᠠᠬᠤ ᠡᠬᠡ ᠳᠠᠩᠰᠠ ᠶᠢ ᠥᠪᠡᠰᠦᠪᠡᠨ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ | ᠲᠥᠬᠦᠭᠡᠷᠦᠮᠵᠢ ᠪᠠᠨ ᠪᠠᠶᠢᠴᠠᠭᠠᠬᠤ᠂ ᠤᠬᠢᠶᠠᠵᠤ ᠴᠡᠪᠡᠷᠯᠡᠬᠦ᠂ ᠰᠡᠯᠪᠢᠨ ᠵᠠᠰᠠᠵᠤ᠂ ᠲᠥᠬᠦᠭᠡᠷᠦᠮᠵᠢ ᠶᠢᠨ ᠤᠷᠲᠤ | ᠬᠤᠭᠤᠴᠠᠭᠠᠨ ᠤ ᠲᠣᠭᠲᠠᠭᠤᠨ ᠠᠵᠢᠯᠯᠠᠭᠠᠨ᠂ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠬᠢᠨᠠᠯᠲᠠ ᠲᠠᠯᠪᠢᠬᠤ ᠶᠢ | ᠦᠨᠡᠨᠬᠦ ᠪᠠᠲᠤᠯᠠᠬᠤ ᠬᠡᠷᠡᠭᠲᠡᠢ᠃ | ᠬᠠᠤᠯᠢ ᠴᠠᠭᠠᠵᠠ ᠶᠢᠨ ᠬᠠᠷᠢᠭᠤᠴᠠᠯᠭ᠎ᠠ᠄ ᠲᠣᠰᠣᠨ ᠤᠲᠤᠭ᠎ᠠ ᠶᠢ ᠴᠡᠪᠡᠷᠰᠢᠭᠦᠯᠬᠦ ᠲᠥᠬᠦᠭᠡᠷᠦᠮᠵᠢ ᠤᠭᠰᠠᠷᠠᠭᠰᠠᠨ ᠦᠭᠡᠢ | ᠪᠤᠶᠤ ᠲᠣᠰᠣᠨ ᠤᠲᠤᠭ᠎ᠠ ᠶᠢ ᠴᠡᠪᠡᠷᠰᠢᠭᠦᠯᠬᠦ ᠲᠥᠬᠦᠭᠡᠷᠦᠮᠵᠢ ᠶᠢ ᠬᠡᠪ ᠤᠨ ᠶᠣᠰᠣᠭᠠᠷ ᠬᠡᠷᠡᠭᠯᠡᠭᠰᠡᠨ ᠦᠭᠡᠢ ᠢᠳᠡᠭᠡᠨ | ᠤᠮᠳᠠᠭᠠᠨ ᠤ ᠠᠵᠤ ᠠᠬᠤᠶᠢᠯᠠᠯ ᠳᠤ ᠵᠣᠬᠢᠬᠤ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠤᠭᠰᠠᠨ ᠦᠭᠡᠢ ᠪᠠᠶᠢᠪᠠᠯ᠂ ᠬᠠᠤᠯᠢ ᠶᠣᠰᠣᠭᠠᠷ ᠰᠢᠢᠳᠬᠡᠨ᠎ᠡ᠃ | ᠬᠤᠲᠠ ᠶᠢᠨ ᠳᠦᠷᠢ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ | ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠬᠤᠲᠠ ᠶᠢᠨ ᠳᠦᠷᠢ ᠲᠥᠷᠬᠦ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠭᠦᠶᠡᠩ ᠰᠢᠶᠠᠨ ᠤ ᠬᠤᠲᠠ ᠶᠢᠨ | ᠬᠠᠮᠢᠶᠠᠷᠤᠯᠲᠠ ᠶᠢᠨ ᠶᠡᠭᠡ ᠠᠩᠭᠢ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ | ᠠᠵᠢᠯ ᠢ ᠥᠷᠨᠢᠭᠦᠯᠪᠡ᠃ | ᠲᠡᠷᠭᠡ ᠵᠣᠭᠰᠣᠭᠠᠬᠤ ᠡᠮᠬᠢ ᠳᠢᠭᠯᠢᠮ ᠢ ᠵᠢᠷᠤᠮᠵᠢᠭᠤᠯᠤᠨ᠎ᠠ᠄ ᠬᠤᠲᠠ ᠶᠢᠨ ᠲᠣᠭᠤᠷᠢᠭ ᠲᠤ ᠲᠣᠮᠣ ᠬᠡᠯᠪᠡᠷᠢ ᠶᠢᠨ | ᠲᠡᠭᠡᠭᠡᠪᠦᠷᠢ ᠶᠢᠨ ᠲᠡᠷᠭᠡ ᠬᠥᠰᠬᠡ᠂ ᠮᠧᠬᠠᠨᠢᠭ᠂ ᠲᠠᠷᠢᠶᠠᠯᠠᠩ ᠤᠨ ᠮᠠᠰᠢᠨ ᠢ ᠳᠤᠷ᠎ᠠ ᠪᠠᠷ ᠢᠶᠠᠨ ᠵᠣᠭᠰᠣᠭᠠᠵᠤ | ᠳᠤᠷ᠎ᠠ ᠪᠠᠷ ᠢᠶᠠᠨ ᠲᠠᠯᠪᠢᠬᠤ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠳᠤᠷ᠎ᠠ ᠪᠠᠷ ᠢᠶᠠᠨ | ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠬᠦᠨᠳᠦ ᠬᠡᠯᠪᠡᠷᠢ ᠶᠢᠨ ᠪᠠ ᠲᠣᠮᠣ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠬᠥᠰᠬᠡ | ᠂ ᠲᠣᠮᠣ ᠬᠡᠯᠪᠡᠷᠢ ᠶᠢᠨ ᠮᠧᠬᠠᠨᠢᠭ᠂ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠲᠡᠷᠭᠡ ᠬᠥᠰᠬᠡ ᠶᠢ ᠬᠤᠭᠤᠴᠠᠭ᠎ᠠ ᠬᠢᠵᠠᠭᠠᠷᠯᠠᠨ | ᠥᠪᠡᠰᠦᠪᠡᠨ ᠶᠠᠪᠤᠭᠤᠯᠬᠤ ᠪᠤᠶᠤ ᠴᠡᠪᠡᠷᠯᠡᠬᠦ ᠶᠢ ᠱᠠᠭᠠᠷᠳᠠᠵᠤ᠂ ᠬᠤᠭᠤᠴᠠᠭ᠎ᠠ ᠥᠩᠭᠡᠷᠡᠲᠡᠯ᠎ᠡ ᠶᠠᠪᠤᠭᠤᠯᠬᠤ ᠦᠭᠡᠢ ᠪᠤᠶᠤ | ᠴᠡᠪᠡᠷᠯᠡᠬᠦ ᠪᠠᠷ ᠱᠠᠭᠠᠷᠳᠠᠭᠰᠠᠨ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠬᠦ ᠪᠤᠶᠤ ᠠᠯᠪᠠᠳᠠᠯᠭ᠎ᠠ ᠪᠠᠷ | ᠴᠡᠪᠡᠷᠯᠡᠨ᠎ᠡ᠃ | ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠬᠦ᠄ ᠪᠠᠶᠢᠴᠠᠭᠠᠨ ᠭᠠᠷᠭᠠᠭᠰᠠᠨ ᠪᠠᠷᠢᠯᠭ᠎ᠠ ᠶᠢᠨ ᠬᠤᠭ ᠨᠣᠪᠰᠢ ᠶᠢᠨ | ᠦᠯᠡᠳᠡᠭᠳᠡᠯ ᠴᠡᠭ᠂ ᠬᠤᠯᠠᠭᠠᠶᠢᠯᠠᠨ ᠤᠨᠠᠭᠠᠭᠰᠠᠨ ᠴᠡᠭ ᠢ ᠲᠣᠣᠷᠯᠠᠨ ᠴᠡᠪᠡᠷᠯᠡᠬᠦ ᠬᠡᠯᠪᠡᠷᠢ ᠪᠠᠷ ᠴᠡᠪᠡᠷᠯᠡᠵᠦ᠂ ᠲᠡᠭᠰᠢᠯᠡᠵᠦ᠂ | ᠪᠠᠷᠢᠯᠭ᠎ᠠ ᠶᠢᠨ ᠬᠤᠭ ᠨᠣᠪᠰᠢ ᠶᠢ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠪᠡ᠃ | ᠨᠡᠭᠦᠳᠡᠯ ᠬᠤᠳᠠᠯᠳᠤᠭᠠᠴᠢ᠄ ︽ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ᠂ ᠰᠡᠷᠭᠡᠶᠢᠯᠡᠬᠦ ᠬᠠᠮᠢᠶᠠᠷᠬᠤ ᠶᠢ | ᠵᠡᠷᠭᠡ ᠪᠠᠷ ᠴᠢᠬᠤᠯᠠᠴᠢᠯᠠᠬᠤ︾᠂ ︽ᠵᠣᠬᠢᠰᠲᠠᠢ ᠴᠢᠯᠥᠭᠡᠲᠡᠢ ᠲᠠᠯᠪᠢᠵᠤ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ | ᠪᠠᠶᠢᠯᠭᠠᠬᠤ︾ ᠵᠠᠷᠴᠢᠮ ᠶᠣᠰᠣᠭᠠᠷ᠂ ᠵᠡᠮ ᠡᠵᠡᠯᠡᠨ ᠡᠵᠡᠩᠨᠡᠬᠦ ᠪᠠ ᠨᠡᠭᠦᠳᠡᠯ ᠳᠡᠯᠭᠡᠭᠦᠷᠴᠢᠨ ᠤ ᠬᠠᠮᠢᠶᠠᠷᠤᠯᠲᠠ | ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠶᠢᠨ ᠬᠠᠮᠲᠤ ᠨᠡᠭᠦᠳᠡᠯ ᠳᠡᠯᠭᠡᠭᠦᠷᠴᠢᠨ ᠢ ᠵᠠᠮ ᠤᠨ ᠬᠠᠵᠠᠭᠤ ᠳᠤ | ᠤᠬᠤᠷᠢᠵᠤ ᠭᠠᠷᠬᠤ ᠪᠠᠷ ᠱᠠᠭᠠᠷᠳᠠᠵᠤ᠂ ᠵᠠᠮ ᠡᠵᠡᠯᠡᠬᠦ ᠪᠠ ᠬᠠᠨᠢᠶᠠᠬᠤ ᠦᠭᠡᠢ ᠪᠠᠶᠢᠬᠤ ᠶᠢ ᠱᠠᠭᠠᠷᠳᠠᠵᠤ᠂ ᠬᠤᠲᠠ ᠶᠢᠨ | ᠲᠣᠭᠤᠷᠢᠭ ᠤᠨ ᠭᠤᠣᠯ ᠵᠡᠭᠡᠯᠢ ᠵᠢᠴᠢ ᠵᠠᠩᠭᠢᠯᠠᠭ᠎ᠠ ᠶᠢᠨ ᠬᠡᠰᠡᠭ ᠤᠨ ᠡᠯ᠎ᠡ ᠲᠥᠷᠥᠯ ᠤᠨ ᠨᠡᠭᠦᠳᠡᠯ ᠳᠡᠯᠭᠡᠭᠡ ᠮᠠᠶᠢᠮᠠᠢ ᠶᠢᠨ | ᠭᠠᠵᠠᠷ᠂ ᠵᠠᠰᠠᠮᠠᠯ ᠵᠠᠮ ᠤᠨ ᠵᠠᠬ᠎ᠠ ᠳᠡᠯᠭᠡᠭᠦᠷ ᠢ ᠴᠢᠩᠭ᠎ᠠ ᠬᠢᠵᠠᠭᠠᠷᠯᠠᠵᠤ᠂ ᠳᠡᠯᠭᠡᠭᠦᠷ ᠤᠨ ᠭᠠᠳᠠᠨ᠎ᠠ ᠲᠠᠯᠪᠢᠬᠤ ᠪᠠ ᠵᠡᠮ | ᠡᠵᠡᠯᠡᠨ ᠡᠵᠡᠩᠨᠡᠬᠦ ᠶᠢ ᠴᠠᠭᠠᠵᠠᠯᠠᠨ᠎ᠠ᠃ | ᠬᠤᠲᠠ ᠶᠢᠨ ᠦᠵᠡᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ᠄ ᠡᠯ᠎ᠡ ᠬᠠᠤᠯᠢ ᠬᠡᠷᠡᠭᠵᠢᠭᠦᠯᠬᠦ ᠳᠤᠮᠳᠠ ᠠᠩᠭᠢ | ᠹᠢᠯᠢᠮ ᠤᠨ ᠳᠣᠲᠣᠷᠠᠬᠢ ᠬᠠᠶᠠᠭᠳᠠᠮᠠᠯ ᠡᠳ᠋ ᠬᠤᠳᠠᠯᠳᠤᠨ ᠠᠪᠬᠤ ᠥᠷᠲᠡᠭᠡ ᠳᠤ ᠪᠠᠶᠢᠴᠠᠭᠠᠯᠲᠠ ᠬᠢᠵᠦ᠂ ᠬᠤᠳᠠᠯᠳᠤᠭᠠᠴᠢᠳ ᠢ | ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠵᠤ ᠪᠣᠯᠬᠤ ᠦᠭᠡᠢ᠂ ᠡᠪᠦᠯ ᠤᠨ ᠤᠯᠠᠷᠢᠯ ᠤᠨ ᠶᠡᠭᠡ ᠰᠠᠯᠬᠢᠨ ᠤ | ᠠᠭᠤᠷ ᠠᠮᠢᠰᠬᠤᠯ ᠭᠠᠯ ᠢ ᠰᠡᠷᠭᠡᠶᠢᠯᠡᠬᠦ ᠠᠮᠤᠷ ᠲᠦᠪᠰᠢᠨ ᠢ ᠠᠩᠬᠠᠷᠬᠤ ᠬᠡᠷᠡᠭᠲᠡᠢ ᠭᠡᠵᠦ ᠱᠠᠭᠠᠷᠳᠠᠪᠠ︔ ᠡᠭᠦᠨ ᠤ ᠬᠠᠮᠲᠤ᠂ | ᠬᠠᠤᠯᠢ ᠬᠡᠷᠡᠭᠵᠢᠭᠦᠯᠬᠦ ᠠᠵᠢᠯᠲᠠᠨ ᠤ ᠰᠢᠪᠠᠳᠠᠯᠭ᠎ᠠ ᠪᠠ ᠬᠢᠨᠠᠯᠲᠠ ᠳᠣᠣᠷ᠎ᠠ ᠵᠠᠰᠠᠮᠠᠯ ᠵᠠᠮ ᠳᠠᠭᠠᠤ ᠶᠢᠨ ᠡᠵᠡᠩᠨᠡᠯᠲᠡ ᠶᠢᠨ | ᠡᠷᠦᠬᠡ ᠶᠢᠨ ᠡᠭᠦᠳᠡ᠂ ᠦᠵᠡᠮᠵᠢ ᠶᠢᠨ ᠬᠡᠷᠡᠮ ᠤᠨ ᠭᠠᠳᠠᠨ᠎ᠠ ᠳᠤᠷ᠎ᠠ ᠪᠠᠷ ᠢᠶᠠᠨ ᠶᠠᠭᠤᠮ᠎ᠠ ᠲᠠᠯᠪᠢᠵᠤ ᠪᠠᠶᠢᠭ᠎ᠠ ᠡᠳ᠋ ᠪᠣᠳᠠᠰ᠂ | ᠴᠢᠩᠭᠡᠯᠢᠭ ᠵᠡᠷᠭᠡ ᠶᠢ ᠪᠦᠬᠦᠨ ᠢ ᠴᠡᠪᠡᠷᠯᠡᠨ᠎ᠡ᠃ | ᠵᠠᠮ ᠢ ᠡᠵᠡᠯᠡᠭᠰᠡᠨ ︽ᠦᠬᠦᠰᠢᠷᠡᠮᠡᠯ ᠲᠡᠷᠭᠡ︾ ᠶᠢ ᠴᠡᠪᠡᠷᠯᠡᠬᠦ | ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ | ᠲᠠᠶᠢᠪᠤᠩ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠲᠡᠷᠭᠡ ᠬᠥᠰᠬᠡ ᠶᠢᠨ ᠡᠮᠬᠢ ᠳᠢᠭᠯᠢᠮ ᠢ | ᠵᠢᠷᠤᠮᠵᠢᠭᠤᠯᠬᠤ ᠶᠢᠨ ᠲᠥᠯᠥᠭᠡ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠬᠢᠭᠡᠳ ᠭᠦᠶᠡᠩ ᠰᠢᠶᠠᠨ ᠤ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠮᠲᠤᠷᠠᠨ ᠬᠠᠤᠯᠢ ᠬᠡᠷᠡᠭᠵᠢᠭᠦᠯᠵᠦ᠂ ︽ᠦᠬᠦᠰᠢᠷᠡᠮᠡᠯ ᠲᠡᠷᠭᠡ︾ | ᠶᠢᠨ ᠣᠯᠠᠨ ᠨᠡᠶᠢᠲᠡ ᠶᠢᠨ ᠲᠡᠷᠭᠡᠨ ᠵᠣᠭᠰᠣᠭᠠᠯ ᠢ ᠤᠷᠲᠤ ᠬᠤᠭᠤᠴᠠᠭ᠎ᠠ ᠪᠠᠷ ᠡᠵᠡᠯᠡᠨ ᠬᠡᠷᠡᠭᠯᠡᠬᠦ᠂ ᠵᠠᠮ ᠤᠨ ᠡᠬᠢ ᠪᠠᠶᠠᠯᠢᠭ | ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠶᠡᠬᠡᠪᠡᠷ ᠴᠡᠭᠴᠡᠯᠡᠨ ᠵᠠᠰᠠᠨ᠎ᠠ᠃ ᠡᠮᠦᠨᠡᠬᠢ | ᠬᠤᠭᠤᠴᠠᠭᠠᠨ ᠤ ︽ᠦᠬᠦᠰᠢᠷᠡᠮᠡᠯ ᠲᠡᠷᠭᠡ︾ ᠵᠢᠴᠢ ᠬᠠᠤᠯᠢ ᠠᠴᠠ ᠵᠥᠷᠢᠴᠡᠨ ᠲᠡᠷᠭᠡ ᠵᠣᠭᠰᠣᠭᠠᠬᠤ ᠣᠷᠣᠨ ᠪᠠᠶᠢᠷᠢ ᠶᠢ | ᠡᠵᠡᠯᠡᠨ ᠬᠡᠷᠡᠭᠯᠡᠭᠰᠡᠨ ᠠᠵᠢᠯ ᠤᠨ ᠪᠠᠶᠢᠳᠠᠯ ᠲᠠᠢ ᠤᠶᠠᠯᠳᠤᠭᠤᠯᠤᠨ᠂ ︽ᠤᠷᠢᠳᠠᠪᠠᠷ ᠮᠡᠳᠡᠭᠳᠡᠵᠦ᠂ ᠳᠠᠷᠠᠭ᠎ᠠ ᠨᠢ ᠴᠡᠪᠡᠷᠯᠡᠬᠦ︾ | ᠵᠠᠷᠴᠢᠮ ᠢ ᠠᠪᠴᠤ᠂ ᠲᠡᠷᠭᠡ ᠬᠥᠰᠬᠡ ᠶᠢᠨ ᠨᠣᠮᠧᠷ ᠫᠠᠶᠢᠰᠠ ᠲᠠᠢ ︽ᠦᠬᠦᠰᠢᠷᠡᠮᠡᠯ ᠲᠡᠷᠭᠡ︾ ᠳᠤ ᠴᠢᠭᠯᠡᠭᠦᠯᠦᠨ᠂ | ᠮᠡᠳᠡᠭᠳᠡᠯ ᠢ ᠳᠠᠷᠠᠭ᠎ᠠ ᠨᠢ ᠲᠤᠬᠠᠢ ᠶᠢᠨ ᠲᠠᠯᠠᠪᠤᠷ ᠲᠤ ᠴᠠᠭ ᠲᠤᠬᠠᠢ ᠳᠤᠨᠢ ᠬᠦᠷᠴᠦ ᠳᠡᠶᠢᠯᠬᠦ ᠲᠡᠷᠭᠡᠨ ᠤ ᠡᠵᠡᠨ ᠢ ᠰᠤᠷᠭᠠᠨ | ᠬᠥᠮᠦᠵᠢᠭᠦᠯᠵᠦ ᠴᠡᠭᠴᠡᠯᠡᠨ ᠰᠠᠶᠢᠵᠢᠷᠠᠭᠤᠯᠵᠤ᠂ ᠲᠡᠷᠭᠡ ᠬᠥᠰᠬᠡ ᠶᠢ ᠥᠪᠡᠰᠦᠪᠡᠨ ᠰᠢᠯᠵᠢᠭᠦᠯᠦᠨ ᠶᠠᠪᠤᠭᠤᠯᠬᠤ ᠬᠡᠷᠡᠭᠲᠡᠢ︔ | ᠬᠤᠭᠤᠴᠠᠭ᠎ᠠ ᠬᠡᠲᠦᠷᠡᠲᠡᠯ᠎ᠡ ᠥᠪᠡᠰᠦᠪᠡᠨ ᠰᠢᠯᠵᠢᠭᠦᠯᠦᠨ ᠠᠷᠢᠯᠭᠠᠭᠰᠠᠨ ᠦᠭᠡᠢ ᠪᠤᠶᠤ ᠲᠠᠨᠢᠵᠤ ᠠᠪᠬᠤ ᠬᠥᠮᠦᠨ ᠦᠭᠡᠢ ︽ | ᠦᠬᠦᠰᠢᠷᠡᠮᠡᠯ ᠲᠡᠷᠭᠡ︾ ᠶᠢ ᠬᠠᠤᠯᠢ ᠶᠣᠰᠣᠭᠠᠷ ᠲᠥᠪᠯᠡᠷᠡᠭᠦᠯᠦᠨ ᠬᠤᠶᠢᠰᠢᠯᠠᠭᠤᠯᠤᠨ ᠰᠢᠯᠵᠢᠭᠦᠯᠵᠦ᠂ ︽ᠦᠬᠦᠰᠢᠷᠡᠮᠡᠯ | ᠲᠡᠷᠭᠡ︾ ᠪᠠᠷ ᠵᠠᠮ ᠬᠠᠷᠢᠯᠴᠠᠭᠠᠨ ᠤ ᠣᠯᠠᠨ ᠨᠡᠶᠢᠲᠡ ᠶᠢᠨ ᠡᠬᠢ ᠪᠠᠶᠠᠯᠢᠭ ᠢ ᠦᠷᠭᠦᠯᠵᠢᠯᠡᠨ ᠡᠵᠡᠯᠡᠨ ᠬᠡᠷᠡᠭᠯᠡᠵᠦ᠂ ᠵᠠᠮ | ᠬᠠᠷᠢᠯᠴᠠᠭᠠᠨ ᠤ ᠣᠷᠴᠢᠨ ᠲᠣᠭᠤᠷᠢᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ | ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠣᠯᠠᠨ ᠬᠦᠷᠢᠶᠡᠨ ᠳᠤ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯᠯᠠᠭ᠎ᠠ ᠥᠷᠨᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠬᠤᠲᠠ ᠶᠢᠨ ᠣᠷᠴᠢᠨ | ᠲᠣᠭᠤᠷᠢᠨ ᠢ ᠰᠠᠶᠢᠵᠢᠷᠠᠭᠤᠯᠬᠤ ᠪᠠ ᠬᠤᠲᠠ ᠶᠢᠨ ᠠᠷᠠᠳ ᠤᠨ ᠡᠷᠬᠡ ᠠᠰᠢᠭ ᠢ ᠪᠠᠲᠤᠯᠠᠪᠠ᠃ ᠡᠳᠡᠭᠡᠷ ᠠᠵᠢᠯᠯᠠᠭ᠎ᠠ ᠨᠢ | ᠥᠷᠭᠡᠨ ᠣᠯᠠᠨ ᠬᠤᠲᠠ ᠶᠢᠨ ᠠᠷᠠᠳ ᠤᠨ ᠳᠡᠮᠵᠢᠯᠭᠡ ᠪᠠ ᠬᠠᠮᠵᠢᠯᠴᠠᠭ᠎ᠠ ᠶᠢ ᠣᠯᠤᠭᠰᠠᠨ ᠪᠥᠭᠡᠳ ᠪᠠᠰᠠ ᠢᠯᠡᠳᠲᠡ ᠦᠷ᠎ᠡ | ᠪᠦᠲᠦᠮᠵᠢ ᠣᠯᠤᠭᠰᠠᠨ ᠪᠠᠶᠢᠨ᠎ᠠ᠃ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠳᠠᠷᠠᠭᠠᠴᠢ ᠶᠢᠨ ᠠᠯᠬᠤᠮ ᠤᠨ | ᠠᠵᠢᠯ ᠳᠠᠭᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠪᠠᠶᠢᠩᠭᠤᠵᠢᠭᠰᠠᠨ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ᠂ ᠭᠦᠶᠡᠩ ᠰᠢᠶᠠᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | | |