︽ᠭᠦᠶᠡᠩ ᠰᠢᠶᠠᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/4/13
ᠡᠯ᠎ᠡ ᠪᠠᠯᠭᠠᠰᠤ᠂ ᠵᠢᠨᠱᠠᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄      ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠰᠠᠶᠢᠵᠢᠷᠠᠭᠤᠯᠵᠤ᠂ ᠮᠠᠨ ᠤ ᠰᠢᠶᠠᠨ ᠤ ᠴᠡᠪᠡᠷ ᠴᠡᠮᠴᠡᠭᠡᠷ ᠭᠤᠶᠣ ᠰᠠᠶᠢᠬᠠᠨ᠂ ᠪᠣᠯᠪᠠᠰᠤᠨ ᠡᠶ᠎ᠡ ᠵᠣᠬᠢᠴᠠᠯ ᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ ᠬᠤᠲᠠ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠮᠠᠨ ᠤ ᠰᠢᠶᠠᠨ ᠤ ᠬᠠᠤᠯᠢ ᠶᠣᠰᠣᠭᠠᠷ ᠡᠮᠬᠢ ᠵᠢᠷᠤᠮ ᠲᠠᠢ᠂ ᠪᠣᠯᠪᠠᠰᠤᠨ ᠨᠡᠭᠡᠭᠡᠯᠲᠡ ᠲᠠᠢ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠤ 2023 ᠣᠨ ᠤ 16 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 84 ᠳ᠋ᠦ᠋ᠭᠡᠷ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠭᠦᠶᠡᠩ ᠰᠢᠶᠠᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃      ᠳᠠᠭᠠᠯᠳᠤᠭᠤᠯᠤᠯ᠄ ᠭᠦᠶᠡᠩ ᠰᠢᠶᠠᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ                   ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                            2024 ᠣᠨ ᠤ 4 ᠰᠠᠷ᠎ᠠ ᠶᠢᠨ 9 ᠤ ᠡᠳᠦᠷ                 ᠭᠦᠶᠡᠩ ᠰᠢᠶᠠᠨ ᠤ ᠬᠤᠲᠠ ᠶᠢᠨ ᠨᠠᠷᠢᠯᠢᠬᠵᠢᠭᠤᠯᠤᠭᠰᠠᠨ                   ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ       ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠡᠪᠡᠷ ᠴᠡᠮᠴᠡᠭᠡᠷ ᠭᠤᠶᠣ ᠰᠠᠶᠢᠬᠠᠨ᠂ ᠪᠣᠯᠪᠠᠰᠤᠨ ᠡᠶ᠎ᠡ ᠵᠣᠬᠢᠴᠠᠩᠭᠤᠢ᠂ ᠣᠷᠣᠰᠢᠨ ᠰᠠᠭᠤᠵᠤ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠬᠤᠲᠠ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠣᠢ ᠪᠣᠯᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠢ ᠠᠬᠢᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ︽ᠠᠷᠢᠭᠤᠨ ᠴᠡᠪᠡᠷ᠂ ᠲᠡᠷᠢ ᠲᠡᠭᠰᠢ᠂ ᠡᠮᠬᠢ ᠵᠢᠷᠤᠮ ᠲᠠᠢ᠂ ᠪᠣᠬᠢᠷᠲᠤᠯ ᠥᠬᠡᠶ᠂ ᠦᠵᠡᠰᠬᠦᠯᠡᠩᠲᠦ ᠰᠠᠶᠢᠬᠠᠨ︾ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠠᠷᠠᠯᠲᠠ ᠶᠢᠨ ᠲᠣᠭᠤᠷᠢᠨ ᠳᠤ᠂ ︽ᠬᠤᠲᠠ ᠶᠢᠨ ᠬᠠᠮᠢᠶᠠᠷᠤᠯᠲᠠ ᠶᠢ  ᠬᠠᠳᠬᠤᠮᠠᠯ ᠰᠢᠭ᠋ ᠨᠠᠷᠢᠯᠢᠭ ᠪᠠᠶᠢᠯᠭᠠᠬᠤ︾ ᠠᠵᠢᠯ ᠤᠨ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠤᠨ᠂ ᠬᠠᠮᠢᠶᠠᠷᠤᠯᠲᠠ ᠶᠢᠨ ᠪᠠᠷᠢᠮᠵᠢᠶ᠎ᠠ ᠶᠢ ᠵᠢᠷᠤᠮᠵᠢᠭᠤᠯᠵᠤ᠂ ᠬᠠᠮᠢᠶᠠᠷᠤᠯᠲᠠ ᠶᠢᠨ ᠶᠠᠪᠤᠴᠠ ᠶᠢ ᠰᠢᠯᠢᠳᠡᠭᠵᠢᠭᠦᠯᠦᠨ᠂ ᠬᠤᠲᠠ ᠶᠢᠨ ᠬᠠᠮᠢᠶᠠᠷᠤᠯᠲᠠ ᠶᠢᠨ ᠨᠠᠷᠢᠯᠢᠬᠵᠢᠭᠤᠯᠬᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠲᠠ ᠶᠢᠨ ᠥᠨᠳᠥᠷ ᠪᠦᠲᠦᠮᠵᠢᠲᠡᠶ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠬᠡᠷᠡᠭᠲᠡᠢ᠃      ᠬᠤᠶᠠᠷ᠂ ᠭᠤᠣᠯ ᠬᠠᠷᠠᠯᠲᠠ      ᠭᠦᠶᠡᠩ ᠰᠢᠶᠠᠨ ᠤ ᠪᠠᠶᠢᠭᠤᠯᠤᠯᠳᠠ ᠪᠠᠷ ᠭᠤᠤᠯᠳᠠᠯᠭ᠎ᠠ ᠪᠣᠯᠭᠠᠵᠤ᠂ ᠰᠢᠶᠠᠨ ᠤ ᠳᠣᠲᠣᠷᠠᠬᠢ ᠭᠤᠤᠯ ᠪᠠ ᠳᠡᠳ᠋ ᠵᠠᠮ ᠢᠶᠠᠷ ᠭᠤᠤᠯ ᠱᠤᠭᠤᠮ ᠪᠣᠯᠭᠠᠵᠤ᠂ ᠲᠥᠯᠥᠪᠵᠢᠭᠦᠯᠬᠦ᠂ ᠪᠥᠲᠥᠭᠡᠨ ᠪᠠᠶᠢᠭᠤᠯᠬᠤ᠂ ᠬᠠᠮᠢᠶᠠᠷᠬᠤ ᠶᠢ ᠬᠠᠮᠵᠢᠯᠴᠠᠨ ᠠᠬᠢᠭᠤᠯᠬᠤ ᠪᠠᠷ ᠭᠠᠷᠳᠠᠴᠠ ᠪᠣᠯᠭᠠᠵᠤ᠂ ᠬᠠᠮᠢᠶᠠᠷᠤᠯᠲᠠ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠢ ᠨᠥᠬᠦᠪᠥᠷᠢᠯᠡᠨ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠬᠤᠭ ᠨᠣᠪᠰᠢ ᠶᠢ ᠲᠥᠷᠥᠯ ᠬᠤᠪᠢᠶᠠᠨ ᠶᠡᠷᠦᠩᠬᠡᠶᠢᠯᠡᠨ ᠵᠠᠰᠠᠬᠤ᠂ ᠵᠠᠮ ᠬᠠᠷᠢᠯᠴᠠᠭᠠᠨ ᠤ ᠶᠠᠪᠤᠵᠤ ᠰᠠᠭᠤᠬᠤ ᠬᠠᠮᠢᠶᠠᠷᠤᠯᠲᠠ ᠵᠡᠷᠭᠡ ᠲᠠᠯ᠎ᠠ ᠠᠴᠠ ᠬᠤᠲᠠ ᠶᠢᠨ ᠨᠠᠷᠢᠯᠢᠬᠵᠢᠭᠤᠯᠤᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠪᠦᠬᠦ ᠰᠢᠶᠠᠨ ᠤ ᠬᠡᠪᠴᠢᠶᠡᠨ ᠳᠤ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠣᠨᠴᠠᠭᠠᠶᠢᠯᠠᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠢ ᠪᠦᠷᠢᠯᠳᠦᠭᠦᠯᠦᠭᠰᠡᠨ ᠨᠢ ᠳᠣᠤᠷᠠᠬᠢ ᠮᠡᠲᠦ᠃ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠰᠢᠤᠸᠠᠢ ᡁᠢ ᠨᠥᠬᠦᠷ ᠬᠠᠪᠰᠤᠷᠭᠠᠨ ᠡᠭᠦᠷᠭᠡᠯᠡᠵᠦ᠂ ᠳᠡᠳ᠋ ᠡᠷᠬᠢᠯᠡᠭᠴᠢ ᠶᠢᠨ ᠲᠤᠰᠢᠶᠠᠯ ᠢ ᠶᠠᠩ ᠪᠥᠸᠧ ᠨᠥᠬᠦᠷ ᠬᠠᠪᠰᠤᠷᠭᠠᠨ ᠬᠠᠷᠢᠭᠤᠴᠠᠵᠤ᠂ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃      ᠳᠤᠭᠤᠶᠢᠯᠠᠩ ᠤᠨ ᠳᠠᠷᠤᠭ᠎ᠠ᠄ ᠾᠧᠦ ᠶᠦᠩ ᠹᠧᠩ     ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ       ᠳᠤᠭᠤᠶᠢᠯᠠᠩ ᠤᠨ ᠳᠡᠳ᠋ ᠳᠠᠷᠤᠭ᠎ᠠ᠄ ᠭᠦᠸᠧ ᠵᠢᠶᠠᠨ ᠭᠤᠸᠠᠩ      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ︵ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯ ᠢ ᠬᠤᠪᠢᠳᠠᠨ ᠬᠠᠮᠢᠶᠠᠷᠤᠨ᠎ᠠ︶᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ       ᠵᠢᠶᠠ ᠶᠦᠩ ᠪᠢᠶᠤᠤ     ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ       ᠭᠦᠩ ᠰᠢᠶᠤᠤ ᠶᠦᠩ     ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ       ᠴᠢᠨ ᠸᠧᠶ             ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ᠂ ᠬᠢᠨᠠᠨ ᠪᠠᠶᠢᠴᠠᠭᠠᠭᠴᠢ ᠳᠠᠷᠤᠭ᠎ᠠ      ᠱᠧᠨ ᠢᠦᠶ ᠴᠢᠦ     ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ      ᠯᠢᠦ ᠶᠢᠩ ᠰᠢᠤᠢ     ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ      ᠼᠦᠢ ᠬᠤ᠋          ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ      ᠵᠤᠤ ᠵᠢᠶᠠᠨ ᠵᠢᠶᠦ᠋ᠨ     ᠥᠪᠥᠷ ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠲᠡᠮᠦᠷᠯᠢᠭ ᠪᠣᠯᠪᠠᠰᠤᠷᠠᠭᠤᠯᠬᠤ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠭᠦᠶᠡᠩ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠢᠨᠱᠠᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ      ᠪᠦᠷᠢᠯᠳᠦᠬᠦᠨ᠄ ᠯᠢ ᠯᠢᠩ ᠪᠢᠨ     ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ᠃       ᠯᠢᠦᠶ ᠶᠠᠩ      ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ      ᠦ᠋ ᠷᠦᠩ       ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠳᠡᠳ᠋ ᠡᠷᠬᠢᠯᠡᠭᠴᠢ ︵ᠠᠵᠢᠯ ᠡᠷᠬᠢᠯᠡᠬᠦ︶      ᠯᠢ ᠰᠢᠶᠣᠤ ᠮᠢᠩ     ᠶᠢᠨ ᠱᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ      ᠵᠤᠤ ᠪᠧᠨ        ᠰᠢᠶᠠ ᠱᠤ᠋ ᠬᠤᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ      ᠶᠠᠩ ᠳ᠋ᠧ ᠱᠦᠨ     ᠶᠢᠨ ᠬᠤᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠶᠢᠨ ᠨᠡᠷ᠎ᠡ ᠳᠤᠷᠠᠳᠤᠭᠰᠠᠨ ᠵᠢᠱᠢᠭᠳᠡᠭᠴᠢ      ᠭᠤᠤ ᠬᠠᠶ ᠶᠢᠩ     ᠬᠤᠸᠠᠢ ᠱᠦᠸᠧ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ︵ᠵᠠᠰᠠᠭ ᠤᠨ ᠣᠷᠳᠣᠨ ᠤ ᠠᠵᠢᠯ ᠢ ᠡᠷᠭᠢᠯᠡᠨ᠎ᠡ︶      ᠯᠢᠦᠶ ᠰᠢᠶᠤᠤ ᠹᠧᠩ     ᠰᠢᠩ ᠱᠦᠨ ᠰᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠶᠢᠨ ᠨᠡᠷ᠎ᠡ ᠳᠤᠷᠠᠳᠤᠭᠰᠠᠨ ᠵᠢᠱᠢᠭᠳᠡᠭᠴᠢ      ᠼᠤᠤ ᠳ᠋ᠦᠩ       ᠰᠢ ᠳ᠋ᠧᠦ ᠫᠦ᠋ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ      ᠯᠢ ᠷᠦᠢ       ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ      ᠸᠠᠩ ᠵᠢᠶᠠᠨ ᠵᠢᠶᠦ᠋ᠨ     ᠰᠢᠶᠠᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ       ᠵᠠᠩ ᠸᠧᠨ     ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ       ᠦ᠋ ᠵᠢᠶᠠᠨ ᠵᠢᠶᠦ᠋ᠨ     ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ      ᠵᠠᠩ ᠵᠢᠶᠦ᠋ᠨ     ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ       ᠯᠢ ᠲᠧᠩ     ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ       ᠰᠢᠤᠸᠠᠢ ᡁᠢ     ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠰᠢᠶᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ       ᠶᠣᠣ ᠵᠢᠶᠦ᠋ᠨ ᠹᠧᠩ     ᠰᠢᠶᠠᠨ ᠤ ᠵᠠᠮ ᠬᠠᠷᠢᠯᠴᠠᠭᠠᠨ ᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ       ᠭᠦᠸᠧ ᠮᠧᠩ ᠲᠤᠤ     ᠰᠢᠶᠠᠨ ᠤ ᠤᠰᠤᠨ ᠤ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ       ᠵᠤᠤ ᠢ     ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ       ᠯᠢ ᠱᠤ᠋ ᠶᠢᠩ     ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ      ᠵᠤᠤ ᠯᠢ       ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ       ᠳ᠋ᠦ᠋ ᠱᠸᠤ ᠷᠧᠨ     ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ       ᠫᠸᠢ ᠵᠢᠶᠠᠨ ᠵᠢᠶᠦ᠋ᠨ     ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ       ᠯᠢ ᠨᠢᠩ       ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ       ᠵᠠᠩ ᠰᠢᠶᠤᠤ ᠴᠦᠨ     ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠭᠦᠶᠡᠩ ᠬᠤᠪᠢᠶᠠᠷᠢ ᠲᠣᠪᠴᠢᠶᠠᠨ ᠤ ᠳᠠᠷᠤᠭ᠎ᠠ       ᠬᠤᠤ ᠰᠢᠶᠠᠩ ᠳ᠋ᠦᠩ     ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ       ᠶᠠᠩ ᠵᠢᠶᠦ᠋ᠨ     ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠶᠢᠨ ᠳᠠᠷᠤᠭ᠎ᠠ      ᠶᠠᠩ ᠪᠥᠸᠧ      ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ       ᠸᠠᠩ ᠵᠢᠶᠧ       ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ       ᠶᠠᠩ ᠱᠤᠸᠠᠨ ᠵᠦ     ᠰᠢᠶᠠᠨ ᠤ ᠭᠦ᠋ ᠸᠧᠢ ᠺᠣᠮᠫᠠᠨᠢ ᠶᠢᠨ ᠶᠡᠷᠦᠩᠬᠡᠢ ᠳᠠᠭᠠᠭᠠᠮᠠᠯ       ᠳᠥᠷᠪᠡ᠂ ᠠᠵᠢᠯ ᠤᠨ ᠡᠭᠦᠷᠭᠡ         ︵ᠨᠢᠭᠡ︶ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠵᠠᠰᠠᠬᠤ ᠠᠵᠢᠯ ᠥᠷᠨᠢᠭᠦᠯᠦᠨ᠎ᠡ      1. ᠪᠦᠬᠦ ᠣᠷᠣᠨ ᠪᠦᠰᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠩᠭᠠᠳᠬᠠᠨ᠎ᠠ᠃      ᠨᠢᠭᠡ ᠳᠤ᠂ ᠬᠤᠲᠠ ᠶᠢᠨ ᠲᠣᠭᠤᠷᠢᠭ ᠤᠨ ᠭᠤᠣᠯ ᠳᠡᠳ᠋ ᠵᠡᠮ᠂ ᠠᠷᠤ ᠵᠡᠭᠡᠯᠢ ᠵᠢᠵᠢᠭ ᠭᠤᠳᠤᠮᠵᠢ ᠶᠢ ᠴᠡᠪᠡᠷᠯᠡᠬᠦ ᠡᠷᠴᠢᠮ ᠢ ᠴᠢᠩᠭᠠᠷᠠᠭᠤᠯᠵᠤ᠂ ᠬᠤᠲᠠ ᠶᠢᠨ ᠲᠣᠭᠤᠷᠢᠭ ᠤᠨ ᠵᠠᠮ ᠢ ᠮᠠᠰᠢᠨᠴᠢᠯᠠᠨ ᠴᠡᠪᠡᠷᠯᠡᠬᠦ ᠨᠣᠷᠮ᠎ᠠ ᠶᠢ 70% ᠠᠴᠠ ᠳᠣᠣᠷ᠎ᠠ ᠦᠭᠡᠢ ᠪᠠᠶᠢᠯᠭᠠᠵᠤ᠂ ᠭᠤᠣᠯ ᠳᠡᠳ᠋ ᠵᠠᠮ ᠵᠢᠴᠢ ᠨᠥᠬᠦᠴᠡᠯ ᠲᠠᠢ ᠵᠡᠭᠡᠯᠢ ᠭᠤᠳᠤᠮᠵᠢ ᠶᠢᠨ ᠡᠳᠦᠷ ᠪᠦᠷᠢ ᠶᠢᠨ ᠮᠠᠰᠢᠨ ᠢ ᠠᠳᠠᠭ ᠲᠤ ᠪᠠᠨ 1 ᠤᠳᠠᠭ᠎ᠠ ᠰᠢᠷᠪᠢᠨ᠎ᠡ᠃      ᠬᠤᠶᠠᠷ ᠲᠤ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠣᠣᠷᠵᠢᠭᠤᠯᠤᠭᠰᠠᠨ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠤᠳᠠᠭ᠎ᠠ ᠶᠢ ᠳᠡᠭᠡᠭᠰᠢᠯᠡᠭᠦᠯᠦᠨ᠎ᠡ᠃      ᠭᠤᠷᠪᠠ ᠳᠤ᠂ ᠵᠠᠮ ᠤᠨ ᠬᠤᠶᠠᠷ ᠬᠠᠵᠠᠭᠤ᠂ ᠬᠤᠲᠠ ᠶᠢᠨ ᠳᠤᠮᠳᠠᠬᠢ ᠲᠣᠰᠬᠤᠨ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠬᠤᠭᠤᠰᠣᠨ ᠭᠠᠵᠠᠷ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠤᠷᠲᠤ ᠬᠤᠭᠤᠴᠠᠭ᠎ᠠ ᠪᠠᠷ ᠣᠪᠣᠭᠠᠯᠠᠵᠤ ᠲᠠᠯᠪᠢᠭᠰᠠᠨ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠨ᠎ᠡ᠃      ᠳᠥᠷᠪᠡ ᠳᠤ᠂ ᠬᠤᠭ ᠨᠣᠪᠰᠢ ᠶᠢᠨ ᠰᠠᠪᠠ᠂ ᠢᠯᠠᠩᠭᠤᠶ᠎ᠠ ᠬᠤᠭᠤᠯᠠᠨ ᠭᠡᠷ ᠤᠨ ᠬᠤᠭ ᠨᠣᠪᠰᠢ ᠶᠢᠨ ᠰᠠᠪᠠ ᠶᠢ ᠵᠦᠢ ᠵᠣᠬᠢᠰᠲᠠᠢ ᠲᠣᠬᠢᠷᠠᠭᠤᠯᠵᠤ᠂ ᠴᠡᠪᠡᠷᠯᠡᠨ ᠲᠡᠭᠡᠭᠡᠪᠦᠷᠢᠯᠡᠬᠦ ᠤᠳᠠᠭ᠎ᠠ ᠪᠠ ᠴᠠᠭ ᠢ ᠵᠦᠢ ᠵᠣᠬᠢᠰᠲᠠᠢ ᠲᠣᠬᠢᠷᠠᠭᠤᠯᠤᠨ ᠂ ᠬᠤᠭ ᠨᠣᠪᠰᠢ ᠶᠢ ᠲᠥᠷᠥᠯ ᠬᠤᠪᠢᠶᠠᠨ ᠴᠡᠪᠡᠷᠯᠡᠨ ᠲᠡᠭᠡᠭᠡᠪᠦᠷᠢᠯᠡᠬᠦ ᠠᠵᠢᠯ ᠢ ᠰᠠᠶᠢᠲᠤᠷ ᠬᠢᠪᠡ᠃      ᠲᠠᠪᠤ ᠳᠤ᠂ ᠡᠯ᠎ᠡ ᠪᠠᠯᠭᠠᠰᠤ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠲᠣᠣᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ᠂ ᠥᠨᠴᠥᠭ ᠪᠤᠯᠤᠩ ᠦᠭᠡᠢ ᠪᠠᠶᠢᠬᠤ ᠶᠢ ᠪᠠᠲᠤᠯᠠᠵᠤ᠂ ᠳᠤᠷ᠎ᠠ ᠪᠠᠷ ᠢᠶᠠᠨ ᠬᠤᠭ ᠨᠣᠪᠰᠢ ᠶᠢᠨ ᠲᠠᠯᠠᠪᠠᠢ ᠪᠠᠶᠢᠭᠤᠯᠬᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠰᠢᠶᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ︔ ᠬᠠᠷᠢᠭᠤᠴᠠᠯᠭᠠᠲᠤ ᠨᠢᠭᠡᠴᠡ᠄ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠪᠠᠯᠭᠠᠰᠤ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ︶      2. ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠨᠢᠭᠡ ᠳᠤ᠂ ︽ᠭᠦᠶᠡᠩ ᠰᠢᠶᠠᠨ ᠤ 2023 ᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠪᠥᠬᠦ ᠰᠢᠶᠠᠨ ᠤ ᠰᠠᠭᠤᠭᠠᠯᠢ ᠠᠷᠠᠳ ᠤᠨ ᠲᠣᠭᠤᠷᠢᠭ᠂ ᠣᠯᠠᠨ ᠨᠡᠶᠢᠲᠡ ᠶᠢᠨ ᠪᠠᠶᠢᠭᠤᠯᠤᠮᠵᠢ ᠵᠡᠷᠭᠡ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠡᠮᠦᠨ᠎ᠡ ᠬᠡᠰᠡᠭ ᠤᠨ ᠪᠡᠯᠡᠳᠬᠡᠮᠵᠢ ᠶᠢ ᠲᠡᠭᠦᠯᠳᠡᠷᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠰᠢᠰᠲ᠋ᠧᠮᠵᠢ ᠪᠠ ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠠᠶᠢᠩᠭᠤᠵᠢᠭᠤᠯᠵᠤ᠂ ᠤᠷᠲᠤ ᠬᠤᠭᠤᠴᠠᠭ᠎ᠠ ᠪᠠᠷ ᠪᠦᠲᠦᠮᠵᠢᠲᠡᠢ ᠪᠠᠷ ᠥᠷᠨᠢᠭᠦᠯᠦᠨ᠎ᠡ᠃ ᠶᠢᠨ ᠱᠠᠨ ᠪᠠᠯᠭᠠᠰᠤ ᠶᠢ ᠬᠤᠭ ᠨᠤᠪᠰᠢ ᠶᠢ ᠲᠥᠷᠥᠯ ᠬᠤᠪᠢᠶᠠᠨ  ᠵᠢᠱᠢᠶ᠎ᠡ ᠦᠵᠡᠭᠦᠯᠬᠦ ᠲᠣᠭᠤᠷᠢᠭ ᠪᠣᠯᠭᠠᠶ᠎ᠠ᠃ ᠬᠤᠶᠠᠷ ᠲᠤ᠂ ᠤᠬᠠᠭᠤᠯᠤᠨ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠲᠡᠷᠭᠡᠨ ᠥᠷᠲᠡᠭᠡ᠂ ᠠᠰᠠᠷ ᠲᠠᠭᠲᠤ ᠶᠢᠨ ᠴᠠᠬᠢᠯᠭᠠᠨ ᠱᠠᠲᠤ᠂ ᠴᠡᠴᠡᠷᠯᠢᠭ᠂ ᠦᠵᠡᠮᠵᠢ ᠶᠢᠨ ᠣᠷᠣᠨ ᠵᠡᠷᠭᠡ ᠬᠥᠮᠦᠨ ᠤ ᠤᠷᠤᠰᠬᠠᠯ ᠨᠡᠯᠢᠶᠡᠳ ᠶᠡᠭᠡ ᠣᠷᠣᠨ ᠪᠦᠰᠡ ᠳᠤ ᠬᠤᠭ ᠨᠣᠪᠰᠢ ᠶᠢ ᠲᠥᠷᠥᠯ ᠬᠤᠪᠢᠶᠠᠨ ᠪᠠᠶᠢᠩᠭᠤᠵᠢᠭᠤᠯᠤᠭᠰᠠᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠤᠬᠠᠭᠤᠯᠤᠨ ᠨᠥᠯᠥᠭᠡᠯᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠬᠤ᠂ ᠵᠥᠪ ᠲᠠᠯ᠎ᠠ ᠠᠴᠠ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠵᠢᠴᠢ ᠦᠷ᠎ᠡ ᠪᠦᠲᠦᠮᠵᠢ ᠶᠢ ᠢᠳᠡᠪᠬᠢᠲᠡᠢ ᠤᠬᠠᠭᠤᠯᠤᠨ ᠮᠡᠳᠡᠭᠡᠯᠡᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠢ ᠪᠣᠯᠭᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠨᠡᠶᠢᠭᠡᠮ ᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠡᠩᠨᠡᠭᠡ ᠳᠤ ᠣᠷᠣᠭᠤᠯᠤᠨ᠎ᠠ᠃ ︵ᠲᠦᠷᠦᠭᠦᠯᠡᠬᠦ ᠨᠢᠭᠡᠴᠡ᠄ ᠰᠢᠶᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ︔ ᠬᠠᠷᠢᠭᠤᠴᠠᠯᠭᠠᠲᠤ ᠨᠢᠭᠡᠴᠡ᠄ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ᠂ ᠰᠢᠶᠠᠨ ᠳᠤ ᠰᠠᠭᠤᠭ᠎ᠠ ᠡᠯ᠎ᠡ ᠨᠢᠭᠡᠴᠡ︶        3. ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠢᠨ᠎ᠡ ᠪᠠᠶᠢᠷᠢᠰᠢᠯ ᠢ ᠪᠠᠶᠢᠭᠤᠯᠬᠤ ᠶᠢ ᠠᠬᠢᠭᠤᠯᠤᠨ᠎ᠠ᠃ ᠭᠦᠶᠡᠩ ᠰᠢᠶᠠᠨ ᠤ ᠠᠮᠢᠳᠤᠷᠠᠯ ᠤᠨ ᠬᠤᠭ ᠨᠣᠪᠰᠢ ︵ᠲᠣᠭᠤᠭᠠᠨ ᠭᠡᠷ ᠤᠨ ᠬᠤᠭ ᠨᠣᠪᠰᠢ ᠶᠢ ᠪᠠᠭᠲᠠᠭᠠᠨ᠎ᠠ︶ ᠶᠢ ᠪᠤᠭᠤᠲᠤ ᠬᠤᠲᠠ ᠶᠢᠨ ᠲᠣᠭᠤᠷᠢᠭ ᠲᠤ ᠰᠢᠯᠵᠢᠭᠦᠯᠦᠨ ᠲᠡᠭᠡᠭᠡᠪᠦᠷᠢᠯᠡᠵᠦ ᠬᠤᠣᠷ ᠦᠭᠡᠶᠢᠳᠡᠭᠦᠯᠦᠨ ᠰᠢᠢᠳᠪᠦᠷᠢᠯᠡᠵᠦ᠂ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠳᠤᠲᠠᠭᠤᠳᠠᠯ ᠢ ᠨᠥᠬᠦᠪᠥᠷᠢᠯᠡᠵᠦ᠂ ︽ᠨᠢᠭᠡᠳᠦᠯᠲᠡᠢ ᠴᠡᠪᠡᠷᠯᠡᠨ ᠲᠡᠭᠡᠭᠡᠪᠦᠷᠢᠯᠡᠬᠦ᠂ ᠲᠥᠪᠯᠡᠷᠡᠭᠦᠯᠦᠨ ᠰᠢᠢᠳᠪᠦᠷᠢᠯᠡᠬᠦ︾ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠪᠠᠶᠢᠷᠢᠰᠢᠯ ᠢ ᠪᠦᠷᠢᠯᠳᠦᠭᠦᠯᠵᠦ᠂ ᠬᠤᠲᠠ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠦᠭᠡᠢ ᠰᠢᠢᠳᠪᠦᠷᠢᠯᠡᠬᠦ ᠪᠠ ᠪᠣᠬᠢᠷᠲᠤᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠰᠢᠶᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ︶      4. ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠨᠢᠭᠡ ᠳᠤ᠂ ᠡᠯ᠎ᠡ ᠪᠠᠯᠭᠠᠰᠤ ᠪᠠ ᠰᠢᠶᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ ᠨᠢ ᠵᠠᠮ ᠤᠨ ᠬᠤᠶᠠᠷ ᠬᠠᠵᠠᠭᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠬᠦᠭᠡᠷᠦᠮᠵᠢ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠡᠭᠡᠯᠢ ᠳᠠᠭᠠᠤ ᠡᠪᠳᠡᠷᠡᠵᠦ ᠰᠦᠢᠳᠦᠭᠰᠡᠨ ᠵᠢᠮᠢᠰ ᠤᠨ ᠬᠠᠯᠢᠰᠤᠨ ᠤ ᠬᠠᠶᠢᠷᠴᠠᠭ᠂ ᠬᠤᠭ ᠨᠣᠪᠰᠢ ᠶᠢᠨ ᠰᠠᠪᠠ  ᠳᠤ ᠲᠥᠷᠥᠯ ᠬᠤᠪᠢᠶᠠᠭᠰᠠᠨ ᠲᠡᠮᠳᠡᠭ ᠲᠠᠢ ᠪᠠᠶᠢᠵᠤ᠂ ᠭᠬᠢᠷ ᠦᠭᠡᠢ ᠪᠠᠶᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠬᠤᠲᠠ ᠶᠢᠨ ᠲᠣᠭᠤᠷᠢᠭ ᠤᠨ ᠭᠤᠣᠯ ᠳᠡᠳ᠋ ᠵᠡᠮ᠂ ᠠᠷᠤ ᠵᠡᠭᠡᠯᠢ ᠭᠤᠳᠤᠮᠵᠢ ᠶᠢᠨ ᠵᠢᠮᠢᠰ ᠤᠨ ᠬᠠᠯᠢᠰᠤᠨ ᠬᠠᠶᠢᠷᠴᠠᠭ ︵ᠬᠤᠭ ᠤᠨ ᠰᠠᠪᠠ︶ ᠢ ᠡᠳᠦᠷ ᠪᠦᠷᠢ ᠠᠳᠠᠭ ᠲᠤ ᠪᠠᠨ3 ᠤᠳᠠᠭ᠎ᠠ  ᠴᠡᠪᠡᠷᠯᠡᠨ ᠲᠡᠭᠡᠭᠡᠪᠦᠷᠢᠯᠡᠵᠦ᠂ ᠬᠤᠳᠠᠯᠳᠤᠭᠠᠨ ᠤ ᠬᠦᠷᠢᠶ᠎ᠡ᠂ ᠬᠥᠮᠦᠨ ᠤ ᠤᠷᠤᠰᠬᠠᠯ ᠨᠢᠭᠲᠠᠷᠠᠭᠰᠠᠨ ᠣᠷᠣᠨ ᠪᠦᠰᠡ ᠵᠡᠷᠭᠡ ᠶᠢ ᠡᠳᠦᠷ ᠪᠦᠷᠢ  ᠠᠳᠠᠭ ᠲᠤ ᠪᠠᠨ4 ᠤᠳᠠᠭ᠎ᠠ  ᠬᠤᠷᠢᠶᠠᠨ ᠲᠡᠭᠡᠭᠡᠪᠦᠷᠢᠯᠡᠵᠦ᠂ ᠬᠤᠭ ᠨᠣᠪᠰᠢ ᠶᠢᠨ ᠭᠠᠳᠠᠭᠰᠢ ᠬᠠᠯᠳᠠᠪᠤᠷᠢᠯᠠᠬᠤ ᠦᠵᠡᠭᠳᠡᠯ ᠢ ᠴᠢᠩᠭ᠎ᠠ ᠴᠠᠭᠠᠵᠠᠯᠠᠬᠤ ᠬᠡᠷᠡᠭᠲᠡᠢ᠃ ᠬᠤᠲᠠ ᠶᠢᠨ ᠲᠣᠭᠤᠷᠢᠭ ᠲᠠᠬᠢ ᠠᠮᠢᠳᠤᠷᠠᠯ ᠤᠨ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠡᠳᠦᠷ ᠤᠨ ᠦᠢᠯᠡᠳᠪᠦᠷᠢᠯᠡᠯ ᠢ ᠡᠳᠦᠷ ᠲᠤ ᠴᠡᠪᠡᠷᠯᠡᠵᠦ᠂ ᠴᠠᠭ ᠲᠤᠬᠠᠢ ᠳᠤᠨᠢ ᠠᠷᠢᠭᠤᠳᠬᠠᠵᠤ᠂ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢᠨ ᠳᠣᠲᠣᠭᠠᠳᠤ ᠵᠢᠴᠢ ᠡᠷᠭᠢᠨ ᠲᠣᠭᠤᠷᠢᠨ ᠢ ᠴᠠᠭ ᠲᠤᠬᠠᠢ ᠳᠤᠨᠢ ᠴᠡᠪᠡᠷᠯᠡᠨ ᠠᠷᠢᠯᠭᠠᠵᠤ᠂ ᠡᠷᠭᠢᠨ ᠲᠣᠭᠤᠷᠢᠨ ᠳᠤ ᠬᠤᠭ ᠨᠣᠪᠰᠢ ᠪᠣᠬᠢᠷ ᠤᠰᠤ᠂ ᠪᠣᠬᠢᠷ ᠤᠰᠤᠨ ᠤ ᠤᠯᠠ ᠮᠥᠷ ᠦᠭᠡᠢ᠂ ᠢᠯᠡᠷᠬᠡᠢ ᠦᠨᠦᠷ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠵᠡᠭᠡᠯᠢ ᠭᠤᠳᠤᠮᠵᠢ ᠶᠢᠨ ᠰᠢᠷᠠᠯᠭ᠎ᠠ ᠶᠢᠨ ᠳᠡᠯᠭᠡᠭᠦᠷ᠂ ᠵᠡᠭᠡᠯᠢ ᠳᠠᠭᠠᠤ ᠶᠢᠨ ᠢᠳᠡᠭᠡᠨ ᠤᠮᠳᠠᠭᠠᠨ ᠤ ᠳᠡᠯᠭᠡᠭᠦᠷ ᠨᠡᠯᠢᠶᠡᠳ ᠣᠯᠠᠨ ᠵᠠᠮ ᠤᠨ ᠬᠡᠰᠡᠭ ᠲᠤ ᠬᠥᠮᠦᠨ ᠤ ᠬᠦᠴᠦ ᠪᠠᠷ ᠤᠬᠢᠶᠠᠬᠤ ᠠᠵᠢᠯ ᠢ ᠥᠷᠨᠢᠭᠦᠯᠪᠡ᠃ ᠭᠤᠷᠪᠠ ᠳᠤ᠂ ᠨᠡᠶᠢᠲᠡ ᠶᠢᠨ ᠵᠣᠷᠯᠣᠩ ᠤᠨ ᠲᠥᠬᠦᠭᠡᠷᠦᠮᠵᠢ ᠨᠢ ᠪᠦᠷᠢᠨ ᠪᠦᠲᠦᠨ᠂ ᠬᠠᠷᠰᠢ ᠰᠠᠭᠠᠳ ᠦᠭᠡᠢ ᠲᠥᠬᠦᠭᠡᠷᠦᠮᠵᠢ ᠪᠠ ᠲᠡᠮᠳᠡᠭ ᠲᠠᠯᠪᠢᠬᠤ ᠬᠡᠷᠡᠭᠲᠡᠢ᠃ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠡᠯ᠎ᠡ ᠪᠠᠯᠭᠠᠰᠤ ᠨᠤᠭᠤᠳ ᠵᠠᠮ ᠤᠨ ᠠᠭᠤᠯᠵᠠᠷ ᠤᠨ ᠡᠪᠳᠡᠷᠡᠵᠦ ᠰᠦᠢᠳᠦᠭᠰᠡᠨ ᠵᠢᠭᠠᠪᠤᠷᠢ ᠶᠢᠨ ᠫᠠᠶᠢᠰᠠ ᠶᠢ ᠴᠠᠭ ᠲᠤᠬᠠᠢ ᠳᠤᠨᠢ ᠰᠣᠯᠢᠬᠤ ᠬᠡᠷᠡᠭᠲᠡᠢ᠃ ︵ᠲᠦᠷᠦᠭᠦᠯᠡᠬᠦ ᠨᠢᠭᠡᠴᠡ᠄ ᠰᠢᠶᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ︔ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ︶      5. ᠰᠠᠭᠤᠭᠠᠯᠢ ᠠᠷᠠᠳ ᠤᠨ ᠲᠣᠭᠤᠷᠢᠭ᠂ ᠲᠠᠷᠢᠶᠠᠯᠠᠩ ᠠᠷᠠᠯᠵᠢᠶ᠎ᠠ ︵ᠠᠷᠠᠳ ᠲᠤ ᠳᠥᠭᠦᠮ ᠦᠵᠡᠭᠦᠯᠬᠦ︶ ᠵᠠᠬ᠎ᠠ ᠳᠡᠯᠭᠡᠭᠦᠷ᠂ ᠬᠤᠳᠠᠯᠳᠤᠭᠠᠨ ᠤ ᠬᠡᠲᠦ ᠳᠡᠯᠭᠡᠭᠦᠷ᠂ ᠴᠡᠴᠡᠷᠯᠢᠭ ᠤᠨ ᠲᠠᠯᠠᠪᠠᠢ᠂ ᠬᠠᠶᠠᠭᠳᠠᠮᠠᠯ ᠡᠳ᠋ ᠤᠨ ᠥᠷᠲᠡᠭᠡ ᠵᠡᠷᠭᠡ ᠲᠠᠯᠠᠪᠤᠷ ᠭᠠᠵᠠᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠨᠢᠭᠡ ᠳᠤ ᠰᠠᠭᠤᠭᠠᠯᠢ ᠠᠷᠠᠳ ᠤᠨ ᠲᠣᠭᠤᠷᠢᠭ ︵ᠪᠥᠬᠦ ᠰᠢᠶᠠᠨ ᠤ ᠠᠳᠠᠯ ᠠᠬᠤᠢ ᠶᠢᠨ ᠦᠢᠯᠡᠴᠢᠯᠡᠭᠡ ᠲᠠᠢ ᠵᠢᠵᠢᠭ ᠲᠣᠭᠤᠷᠢᠭ ᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠢᠮᠳᠠᠭᠤᠯᠵᠤ᠂ ᠪᠤᠰᠤᠳ ᠥᠪᠡᠰᠦᠪᠡᠨ ᠬᠠᠮᠢᠶᠠᠷᠴᠤ ᠪᠠᠶᠢᠭ᠎ᠠ ᠵᠢᠵᠢᠭ ᠲᠣᠭᠤᠷᠢᠭ ᠢ ᠵᠢᠨᠱᠠᠨ ᠪᠠᠯᠭᠠᠰᠤ ᠠᠴᠠ ᠬᠠᠷᠢᠭᠤᠴᠠᠨ᠎ᠠ︶᠂ ᠲᠠᠷᠢᠶᠠᠯᠠᠩ ᠠᠷᠠᠯᠵᠢᠶᠠᠨ ᠤ ︵ᠠᠷᠠᠳ ᠲᠤ ᠳᠥᠭᠦᠮ ᠦᠵᠡᠭᠦᠯᠬᠦ︶ ᠵᠠᠬ᠎ᠠ ᠳᠡᠯᠭᠡᠭᠦᠷ᠂ ᠬᠤᠳᠠᠯᠳᠤᠭᠠᠨ ᠤ ᠬᠡᠲᠦ ᠳᠡᠯᠭᠡᠭᠦᠷ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠴᠡᠴᠡᠷᠯᠢᠭ ᠤᠨ ᠲᠠᠯᠠᠪᠠᠢ᠂ ᠬᠠᠶᠠᠭᠳᠠᠮᠠᠯ ᠪᠣᠳᠠᠰ ᠤᠨ ᠥᠷᠲᠡᠭᠡ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠳᠤᠷ᠎ᠠ ᠪᠠᠷ ᠢᠶᠠᠨ ᠣᠪᠣᠭᠠᠯᠠᠬᠤ ᠶᠢ ᠴᠢᠩᠭ᠎ᠠ ᠴᠠᠭᠠᠵᠠᠯᠠᠪᠠ᠂ ᠬᠤᠶᠠᠷ ᠲᠤ᠂ ᠲᠠᠷᠢᠶᠠᠯᠠᠩ ᠤᠨ ᠠᠷᠠᠯᠵᠢᠶᠠᠨ ᠤ ︵ᠠᠷᠠᠳ ᠲᠤ ᠳᠥᠭᠦᠮ ᠦᠵᠡᠭᠦᠯᠬᠦ︶ ᠵᠠᠬ᠎ᠠ ᠳᠡᠯᠭᠡᠭᠦᠷ᠂ ᠬᠤᠳᠠᠯᠳᠤᠭᠠᠨ ᠤ ᠬᠡᠲᠦ ᠳᠡᠯᠭᠡᠭᠦᠷ ᠤᠨ ᠳᠣᠲᠣᠷᠠᠬᠢ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ︽ᠳᠥᠷᠪᠡᠨ ᠬᠠᠮᠤᠭ ᠤᠨ ᠴᠢᠩᠭ᠎ᠠ︾ ︵ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︶ ᠱᠠᠭᠠᠷᠳᠠᠯᠭ᠎ᠠ ᠶᠣᠰᠣᠭᠠᠷ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠠᠳᠠᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ᠭᠤᠷᠪᠠ ᠳᠤ ᠬᠠᠶᠠᠭᠳᠠᠮᠠᠯ ᠡᠳ᠋ ᠢ ᠬᠤᠳᠠᠯᠳᠤᠨ ᠠᠪᠬᠤ ᠶᠢᠨ ᠬᠠᠮᠢᠶᠠᠷᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠬᠠᠶᠠᠭᠳᠠᠮᠠᠯ ᠡᠳ᠋ ᠢ ᠡᠭᠡᠭᠦᠯᠦᠨ ᠬᠤᠷᠢᠶᠠᠬᠤ ᠥᠷᠲᠡᠭᠡ ᠨᠢ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠬᠠᠶᠠᠭᠳᠠᠮᠠᠯ ᠬᠡᠢ᠂ ᠬᠠᠶᠠᠭᠳᠠᠮᠠᠯ ᠤᠰᠤ ᠪᠣᠯᠤᠨ ᠬᠠᠲᠠᠭᠤ ᠪᠡᠶᠡᠲᠦ ᠬᠠᠶᠠᠭᠳᠠᠮᠠᠯ ᠡᠳ᠋ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠬᠠᠶᠠᠭᠳᠠᠮᠠᠯ ᠡᠳ᠋ ᠢ ᠲᠡᠷᠢ ᠲᠡᠭᠰᠢ ᠡᠮᠬᠢ ᠵᠢᠷᠤᠮ ᠲᠠᠢ ᠲᠠᠯᠪᠢᠵᠤ᠂ ᠬᠦᠷᠢᠶᠡᠨ ᠤ ᠭᠠᠳᠠᠨ᠎ᠠ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠪᠠᠯ ᠴᠠᠭ ᠲᠤᠬᠠᠢ ᠳᠤᠨᠢ ᠴᠡᠪᠡᠷᠯᠡᠨ ᠲᠡᠭᠡᠭᠡᠪᠦᠷᠢᠯᠡᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠭᠦᠶᠡᠩ ᠬᠤᠪᠢᠶᠠᠷᠢ ᠲᠣᠪᠴᠢᠶ᠎ᠠ᠂ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ᠂ ᠵᠢᠨᠱᠠᠨ ᠪᠠᠯᠭᠠᠰᠤ︶      ︵ᠬᠤᠶᠠᠷ︶ ᠬᠤᠲᠠ ᠶᠢᠨ ᠬᠠᠮᠢᠶᠠᠷᠤᠯᠲᠠ ᠶᠢᠨ ᠴᠢᠳᠠᠪᠤᠷᠢ ᠬᠢᠭᠡᠳ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ      1. ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠵᠡᠭᠡᠯᠢ ᠭᠤᠳᠤᠮᠵᠢ ᠶᠢᠨ ᠳᠠᠭᠠᠭᠠᠴᠢᠯᠠᠨ ᠬᠤᠯᠪᠣᠭᠠᠯᠠᠭᠰᠠᠨ ᠡᠳᠦᠷ ᠲᠤᠲᠤᠮ ᠤᠨ ᠰᠢᠮᠳᠠᠭᠤᠯᠤᠨ ᠪᠠᠶᠢᠴᠠᠭᠠᠬᠤ ᠳᠦᠷᠢᠮ ᠢ ᠪᠠᠶᠢᠭᠤᠯᠵᠤ᠂ ᠵᠡᠭᠡᠯᠢ ᠳᠠᠭᠠᠤ ᠶᠢᠨ ᠡᠯ᠎ᠡ ᠬᠤᠳᠠᠯᠳᠤᠭᠠᠨ ᠤ ᠡᠷᠦᠬᠡ᠂ ᠰᠠᠭᠤᠭᠠᠯᠢ ᠡᠷᠦᠬᠡ᠂ ᠨᠢᠭᠡᠴᠡ ᠶᠢᠨ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠠᠵᠢᠯ ᠳᠤ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠤᠳᠠᠯᠳᠤᠭᠠᠴᠢᠨ ᠡᠷᠦᠬᠡ ᠶᠢᠨ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠦᠨ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ ︽ᠥᠩᠭᠡ ᠢᠯᠭᠠᠷᠠᠭᠰᠠᠨ ᠭᠦᠶᠡᠩ︾ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠥᠷᠭᠡᠨ ᠢᠶᠠᠷ ᠤᠬᠠᠭᠤᠯᠵᠤ᠂ ᠥᠪᠡᠷ ᠢᠶᠠᠨ ᠵᠠᠭᠤᠴᠢᠯᠠᠭᠤᠷ ᠢ ᠬᠥᠲᠥᠯᠥᠨ ᠵᠢᠯᠣᠭᠤᠳᠴᠤ ᠪᠠᠶᠢᠭᠠᠳ ᠬᠠᠮᠢᠶ᠎ᠠ ᠪᠦᠬᠦᠢ ᠤᠬᠠᠭᠤᠯᠭ᠎ᠠ ᠶᠢᠨ ᠠᠭᠤᠯᠭ᠎ᠠ ᠶᠢ ᠦᠢᠯᠡᠳᠴᠦ᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ ︾ ᠵᠢᠱᠢᠶ᠎ᠡ ᠦᠵᠡᠭᠦᠯᠬᠦ ᠳᠡᠯᠭᠡᠭᠦᠷ ᠤᠨ ᠫᠠᠶᠢᠰᠠ ᠢᠯᠡᠷᠬᠡᠶᠢᠯᠡᠯ ᠢ ᠡᠯᠭᠦᠵᠦ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠬᠤᠲᠠ ᠶᠢᠨ ᠠᠷᠠᠳ ᠤᠨ ᠬᠤᠲᠠ ᠶᠢᠨ ᠬᠠᠮᠢᠶᠠᠷᠤᠯᠲᠠ ᠳᠤ ᠣᠷᠣᠯᠴᠠᠬᠤ ᠢᠳᠡᠪᠬᠢᠵᠢᠯ ᠢ ᠬᠥᠲᠥᠯᠦᠨ ᠳᠠᠶᠢᠴᠢᠯᠠᠵᠤ᠂ ᠬᠤᠲᠠ ᠶᠢᠨ ᠳᠦᠷᠰᠦ ᠪᠠᠶᠢᠳᠠᠯ ᠤᠨ ᠬᠠᠮᠢᠶᠠᠷᠤᠯᠲᠠ ᠶᠢᠨ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠂ ᠲᠣᠭᠤᠷᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ᠡᠯ᠎ᠡ ᠵᠦᠢᠯ ᠤᠨ ︽ᠬᠤᠲᠠ ᠶᠢᠨ ᠡᠪᠡᠳᠴᠢᠨ︾ ᠢ ᠴᠠᠭ ᠲᠤᠬᠠᠢ ᠳᠤᠨᠢ ᠠᠷᠢᠯᠭᠠᠵᠤ᠂ ᠵᠡᠭᠡᠯᠢ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ︔ ᠬᠠᠷᠢᠭᠤᠴᠠᠯᠭᠠᠲᠤ ᠨᠢᠭᠡᠴᠡ᠄ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠵᠢᠨᠱᠠᠨ ᠪᠠᠯᠭᠠᠰᠤ᠂ ᠰᠢᠶᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ︶      2. ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠲᠥᠷᠥᠯ ᠤᠨ ᠫᠠᠶᠢᠰᠠ ᠢᠯᠡᠷᠬᠡᠶᠢᠯᠡᠯ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢ ᠠᠬᠢᠭᠤᠯᠵᠤ᠂ ᠫᠠᠶᠢᠰᠠ ᠢᠯᠡᠷᠬᠡᠶᠢᠯᠡᠯ ᠢ ᠪᠠᠶᠢᠷᠢᠯᠠᠭᠤᠯᠬᠤ ᠱᠠᠭᠠᠷᠳᠠᠯᠭ᠎ᠠ ᠶᠢ ᠵᠣᠬᠢᠰᠲᠠᠢ ᠠᠭᠤᠵᠢᠭᠤ ᠲᠠᠯᠪᠢᠨ᠎ᠠ᠃ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠬᠤᠲᠠ ᠶᠢᠨ ᠲᠣᠭᠤᠷᠢᠭ ᠤᠨ ᠳᠣᠲᠣᠷᠠᠬᠢ ᠵᠢᠷᠤᠮᠵᠢᠯ ᠦᠭᠡᠢ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠮᠤᠷ ᠲᠦᠪᠰᠢᠨ ᠤ ᠳᠠᠯᠳᠠ ᠭᠡᠮ ᠣᠷᠣᠰᠢᠵᠤ᠂ ᠠᠮᠢ ᠵᠢᠭᠤᠲᠠᠬᠤ ᠨᠡᠪᠲᠡᠷᠡᠬᠦ ᠵᠠᠮ ᠢ ᠪᠢᠲᠡᠭᠦᠮᠵᠢᠯᠡᠬᠦ᠂ ᠬᠤᠲᠠ ᠶᠢᠨ ᠳᠦᠷᠢ ᠲᠥᠷᠬᠦ ᠶᠢ ᠨᠥᠯᠥᠭᠡᠯᠡᠬᠦ ᠳᠡᠯᠭᠡᠭᠦᠷ ᠤᠨ ᠵᠠᠷ ᠮᠡᠳᠡᠭᠡ ᠶᠢ ᠲᠥᠪᠯᠡᠷᠡᠭᠦᠯᠦᠨ ᠨᠤᠷᠠᠭᠠᠬᠤ ᠬᠡᠷᠡᠭᠲᠡᠢ᠃ ︵ᠲᠦᠷᠦᠭᠦᠯᠡᠬᠦ ᠨᠢᠭᠡᠴᠡ᠄ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ︶      3. ︽ᠦᠬᠡᠷ ᠢᠯᠢᠳᠦ︾ ᠶᠢ ᠴᠡᠪᠡᠷᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠬᠦᠴᠦᠨ ᠢᠶᠠᠨ ᠲᠥᠪᠯᠡᠷᠡᠭᠦᠯᠦᠨ ᠬᠤᠲᠠ ᠶᠢᠨ ᠲᠣᠭᠤᠷᠢᠭ ᠤᠨ ︽ᠭᠤᠷᠪᠠᠨ ᠰᠠᠮᠠᠭᠤᠨ︾ ᠤ ᠵᠢᠵᠢᠭ ᠵᠠᠷ ᠢ ᠲᠦᠢᠯᠪᠤᠷᠢᠲᠠᠢ ᠴᠡᠪᠡᠷᠯᠡᠵᠦ᠂ ᠬᠡᠷᠪᠡ ᠳᠤᠷ᠎ᠠ ᠪᠠᠷ ᠢᠶᠠᠨ  ᠨᠠᠭᠠᠭᠰᠠᠨ᠂ ᠵᠢᠵᠢᠭ ᠵᠠᠷ ᠮᠡᠳᠡᠭᠡ ᠶᠢᠨ ᠬᠥᠮᠦᠰ ᠢ ᠣᠯᠵᠤ ᠮᠡᠳᠡᠪᠡᠯ ᠲᠡᠷᠡ ᠳᠠᠷᠤᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠢ᠃ ᠡᠪᠳᠡᠷᠡᠭᠰᠡᠨ ᠵᠠᠷ ᠮᠡᠳᠡᠭᠡ ᠶᠢᠨ ᠲᠠᠯᠪᠢᠭᠤᠷ ᠢ ᠡᠪᠳᠡᠵᠦ ᠴᠡᠪᠡᠷᠯᠡᠵᠦ᠂ ᠭᠤᠣᠯ ᠵᠡᠭᠡᠯᠢ ᠭᠤᠳᠤᠮᠵᠢ᠂ ᠵᠢᠵᠢᠭ ᠭᠤᠳᠤᠮᠵᠢ ᠶᠢᠨ ᠵᠠᠮ ᠳᠡᠭᠡᠷ᠎ᠡ ᠵᠢᠵᠢᠭ ᠵᠠᠷ ᠮᠡᠳᠡᠭᠡ ᠨᠠᠭᠠᠵᠤ ᠥᠩᠭᠡᠷᠡᠭᠰᠡᠨ ᠬᠡᠷᠡᠮ ᠢ ᠨᠢᠭᠡᠳᠦᠯᠲᠡᠢ ᠱᠤᠸᠠᠰᠠᠳᠠᠬᠤ ᠶᠢᠨ ᠬᠠᠮᠲᠤ ᠬᠡᠪᠰᠢᠭᠦᠯᠬᠦ ᠬᠠᠮᠢᠶᠠᠷᠤᠯᠲᠠ ᠶᠠᠪᠤᠭᠤᠯᠬᠤ ᠬᠡᠷᠡᠭᠲᠡᠢ᠃ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ ᠡᠯᠭᠦᠬᠦ ᠶᠢ ᠴᠢᠩᠭ᠎ᠠ ᠴᠠᠭᠠᠵᠠᠯᠠᠵᠤ᠂ ᠳᠤᠷ᠎ᠠ ᠪᠠᠷ ᠢᠶᠠᠨ ᠬᠥᠨᠳᠡᠯᠡᠨ ᠪᠢᠴᠢᠭᠡᠰᠦ ᠡᠯᠭᠦᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠬᠤᠲᠠ ᠶᠢᠨ ᠲᠣᠭᠤᠷᠢᠭ ᠤᠨ ᠭᠤᠣᠯ ᠪᠠ ᠳᠡᠳ᠋ ᠵᠠᠮ᠂ ᠨᠡᠶᠢᠲᠡ ᠶᠢᠨ ᠵᠣᠷᠯᠣᠩ ᠵᠡᠷᠭᠡ ᠶᠢ ᠲᠣᠭᠤᠷᠢᠨ ᠪᠠᠶᠢᠴᠠᠭᠠᠬᠤ ᠭᠤᠣᠯᠳᠠᠯᠭ᠎ᠠ ᠪᠣᠯᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ︶      4. ᠪᠠᠷᠢᠯᠭ᠎ᠠ ᠶᠢᠨ ᠬᠤᠭ ᠨᠣᠪᠰᠢ ᠶᠢ ᠬᠢᠨᠠᠨ ᠠᠷᠢᠯᠭᠠᠬᠤ ᠡᠷᠴᠢᠮ ᠢ ᠨᠡᠮᠡᠭᠳᠡᠭᠦᠯᠦᠨ᠎ᠡ᠃ ᠤᠬᠠᠭᠤᠯᠤᠨ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠵᠠᠰᠠᠵᠤ ᠴᠢᠮᠡᠭᠯᠡᠬᠦ ᠦᠢᠯᠡᠰ ᠤᠨ ᠡᠵᠡᠨ ᠪᠠ ᠴᠡᠪᠡᠷᠯᠡᠨ ᠲᠡᠭᠡᠭᠡᠪᠦᠷᠢᠯᠡᠬᠦ ᠬᠥᠮᠦᠰ ᠲᠠᠢ ᠢᠳᠡᠪᠬᠢᠲᠡᠢ ᠬᠠᠷᠢᠯᠴᠠᠵᠤ᠂ ᠰᠠᠭᠤᠭᠠᠯᠢ ᠠᠷᠠᠳ ᠪᠠ ᠬᠤᠳᠠᠯᠳᠤᠭᠠᠨ ᠤ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠪᠤᠢ ᠪᠣᠯᠤᠭᠰᠠᠨ ᠪᠠᠷᠢᠯᠭ᠎ᠠ ᠶᠢᠨ ᠬᠤᠭ ᠨᠣᠪᠰᠢ ᠶᠢ ᠪᠠᠷᠢᠯᠭ᠎ᠠ ᠶᠢᠨ ᠬᠤᠭ ᠨᠣᠪᠰᠢ ᠶᠢᠨ ᠲᠠᠯᠠᠪᠠᠢ ᠳᠤ ᠴᠢᠳᠬᠤᠬᠤ ᠬᠡᠷᠡᠭᠲᠡᠢ᠃ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠵᠡᠭᠡᠯᠢ ᠳᠠᠭᠠᠤ ᠶᠢᠨ ᠬᠤᠳᠠᠯᠳᠤᠭᠠᠴᠢᠨ ᠡᠷᠦᠬᠡ ︵ᠡᠷᠦᠭᠡ︶ ᠠᠴᠠ ᠪᠣᠯᠤᠭᠰᠠᠨ ᠪᠠᠷᠢᠯᠭ᠎ᠠ ᠶᠢᠨ ᠬᠤᠭ ᠨᠣᠪᠰᠢ ᠶᠢ ᠴᠠᠭ ᠲᠤᠬᠠᠢ ᠳᠤᠨᠢ ᠮᠡᠳᠡᠭᠳᠡᠬᠦ ᠪᠠ ᠲᠡᠭᠦᠨ ᠢ ᠬᠥᠲᠥᠯᠥᠨ ᠵᠢᠯᠣᠭᠤᠳᠴᠤ ᠪᠠᠶᠢᠭᠠᠳ ᠡᠳᠦᠷ ᠤᠨ ᠭᠠᠷᠤᠯᠲᠠ ᠶᠢ ᠡᠳᠦᠷ ᠲᠤ ᠴᠡᠪᠡᠷᠯᠡᠬᠦ ᠶᠢ ᠪᠡᠶᠡᠯᠡᠭᠦᠯᠵᠦ᠂ ᠡᠳᠦᠷ ᠤᠨ ᠭᠠᠷᠤᠯᠲᠠ ᠶᠢ ᠡᠳᠦᠷ ᠲᠤ ᠴᠡᠪᠡᠷᠯᠡᠨ ᠠᠷᠢᠯᠭᠠᠬᠤ ᠱᠠᠭᠠᠷᠳᠠᠯᠭ᠎ᠠ ᠶᠣᠰᠣᠭᠠᠷ ᠡᠷᠬᠡᠪᠰᠢ ᠪᠦᠲᠡᠭᠡᠯᠭᠡ ᠬᠢᠬᠦ ᠪᠤᠶᠤ ᠬᠦᠷᠢᠶᠡᠯᠡᠨ ᠬᠠᠰᠢᠵᠤ᠂ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠤᠨᠠᠭᠠᠵᠤ ᠳᠤᠷ᠎ᠠ ᠪᠠᠷ ᠢᠶᠠᠨ ᠬᠠᠶᠠᠬᠤ ᠦᠢᠯᠡ ᠠᠵᠢᠯᠯᠠᠭ᠎ᠠ ᠶᠢ ᠰᠢᠳᠬᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠤᠲᠠ ᠶᠢᠨ ᠲᠣᠭᠤᠷᠢᠭ ᠤᠨ ᠪᠠᠷᠢᠯᠭ᠎ᠠ ᠶᠢᠨ ᠲᠥᠷᠥᠯ ᠵᠦᠢᠯ ᠳᠤ ᠤᠷᠢᠳᠴᠢᠯᠠᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠵᠦ᠂ ᠪᠠᠷᠢᠯᠭ᠎ᠠ ᠪᠠᠷᠢᠬᠤ ᠠᠴᠠ ᠪᠣᠯᠤᠭᠰᠠᠨ ᠬᠤᠭ ᠰᠢᠷᠣᠢ ᠵᠡᠷᠭᠡ ᠶᠢ ᠪᠠᠷᠢᠯᠭ᠎ᠠ ᠶᠢᠨ ᠬᠤᠭ ᠨᠣᠪᠰᠢ ᠠᠷᠢᠯᠭᠠᠬᠤ ᠲᠠᠯᠠᠪᠠᠢ ᠳᠤ ᠴᠡᠪᠡᠷᠯᠡᠨ ᠲᠡᠭᠡᠭᠡᠪᠦᠷᠢᠯᠡᠵᠦ᠂ ᠵᠥᠭᠡᠭᠡᠪᠦᠷᠢᠯᠡᠬᠦ ᠲᠡᠷᠭᠡ ᠶᠢ ᠡᠷᠬᠡᠪᠰᠢ ᠨᠢᠭᠲᠠ ᠪᠢᠲᠡᠭᠦᠮᠵᠢᠯᠡᠨ ᠲᠡᠭᠡᠭᠡᠪᠦᠷᠢᠯᠡᠵᠦ᠂ ᠱᠦᠢᠨᠢ ᠶᠢᠨ ᠰᠠᠪᠠ ᠶᠢᠨ ᠲᠡᠷᠭᠡ ᠶᠢ ᠳᠤᠷ᠎ᠠ ᠪᠠᠷ ᠢᠶᠠᠨ ᠴᠢᠳᠬᠤᠵᠤ ᠪᠣᠯᠬᠤ ᠦᠭᠡᠢ᠃ ᠡᠵᠡᠨ ᠦᠭᠡᠢ ᠪᠠᠷᠢᠯᠭ᠎ᠠ ᠶᠢᠨ ᠬᠤᠭ ᠨᠣᠪᠰᠢ ᠶᠢ ᠴᠠᠭ ᠲᠤᠬᠠᠢ ᠳᠤᠨᠢ ᠢᠯᠭᠠᠷᠠᠭᠤᠯᠬᠤ ᠬᠡᠷᠡᠭᠲᠡᠢ᠃ ︵ᠲᠦᠷᠦᠭᠦᠯᠡᠬᠦ ᠨᠢᠭᠡᠴᠡ᠄ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ      5. ᠳᠡᠯᠭᠡᠭᠦᠷ ᠤᠨ ᠭᠠᠳᠠᠨᠠᠬᠢ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠵᠠᠮ ᠬᠤᠪᠢᠶᠠᠨ ᠡᠵᠡᠩᠨᠡᠬᠦ ᠵᠠᠰᠠᠮᠠᠯ ᠵᠠᠮ ᠤᠨ ᠵᠠᠬ᠎ᠠ ᠳᠡᠯᠭᠡᠭᠦᠷ ᠢ ᠪᠠᠶᠢᠷᠢᠯᠠᠭᠤᠯᠤᠨ᠂ ︽ᠭᠤᠷᠪᠠ ᠶᠢ ᠲᠣᠭᠲᠠᠭᠠᠵᠤ ᠬᠤᠶᠠᠷ ᠢ ᠨᠢᠭᠡᠳᠬᠡᠬᠦ︾ ︵ᠴᠠᠭ ᠬᠤᠭᠤᠴᠠᠭ᠎ᠠ᠂ ᠭᠠᠵᠠᠷ ᠣᠷᠣᠨ᠂ ᠬᠦᠷᠢᠶ᠎ᠡ ᠬᠡᠪᠴᠢᠶ᠎ᠡ ᠶᠢ ᠲᠣᠭᠲᠠᠭᠠᠵᠤ᠂ ᠨᠡᠷᠡᠨ ᠬᠠᠯᠬᠠᠯᠠᠬᠤ ᠰᠠᠷᠠᠪᠴᠢ᠂ ᠬᠡᠪᠢᠰ᠂ ᠬᠤᠭ ᠨᠣᠪᠰᠢ ᠶᠢᠨ ᠰᠠᠪᠠ ᠶᠢ ᠨᠢᠭᠡᠳᠦᠯᠲᠡᠢ ᠪᠠᠶᠢᠷᠢᠯᠠᠭᠤᠯᠬᠤ︶ ᠪᠠᠷᠢᠮᠵᠢᠶ᠎ᠠ ᠶᠣᠰᠣᠭᠠᠷ ᠵᠢᠷᠤᠮᠵᠢᠭᠤᠯᠤᠨ ᠬᠠᠮᠢᠶᠠᠷᠤᠨ᠎ᠠ᠃ ︽ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠵᠡᠭᠡᠯᠢ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠷᠠᠳᠴᠢᠯᠠᠭᠰᠠᠨ ᠵᠡᠭᠡᠯᠢ ᠬᠢᠭᠡᠳ ᠠᠯᠳᠠ ᠶᠡᠭᠡ ᠵᠡᠭᠡᠯᠢ ᠶᠢᠨ ᠠᠭᠤᠯᠵᠠᠷ ᠤᠨ ᠡᠮᠦᠨ᠎ᠡ ᠬᠡᠰᠡᠭ ᠢᠶᠠᠷ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠵᠡᠭᠡᠯᠢ ᠪᠣᠯᠭᠠᠵᠤ᠂ ᠵᠢᠱᠢᠶ᠎ᠡ ᠦᠵᠡᠭᠦᠯᠬᠦ ᠵᠡᠭᠡᠯᠢ ᠳᠣᠲᠣᠷ᠎ᠠ ᠳᠡᠯᠭᠡᠭᠦᠷ ᠤᠨ ᠭᠠᠳᠠᠨ᠎ᠠ ᠲᠠᠯᠪᠢᠵᠤ ᠪᠣᠯᠬᠤ ᠦᠭᠡᠢ︔ ᠪᠤᠰᠤᠳ ᠵᠡᠭᠡᠯᠢ ᠳᠠᠭᠠᠤ ᠶᠢᠨ ᠬᠤᠳᠠᠯᠳᠤᠭᠠᠨ ᠤ ᠳᠡᠯᠭᠡᠭᠦᠷ ᠤᠨ ᠭᠠᠳᠠᠨ᠎ᠠ ᠲᠠᠯᠪᠢᠵᠤ ᠡᠷᠬᠡᠪᠰᠢ ᠲᠡᠷᠢ ᠲᠡᠭᠰᠢ ᠡᠮᠬᠢ ᠵᠢᠷᠤᠮ ᠲᠠᠢ ᠪᠠᠷ ᠲᠣᠭᠲᠠᠭᠠᠯ ᠬᠤᠪᠢᠶᠠᠨ ᠱᠤᠭᠤᠮ ᠬᠤᠪᠢᠶᠠᠬᠤ ᠣᠷᠣᠨ ᠪᠦᠰᠡ ᠳᠤ ᠨᠢᠭᠡᠳᠦᠯᠲᠡᠢ ᠲᠠᠯᠪᠢᠵᠤ ᠡᠵᠡᠩᠨᠡᠬᠦ ᠬᠡᠷᠡᠭᠲᠡᠢ᠃ ᠬᠤᠲᠠ ᠶᠢᠨ ᠲᠣᠭᠤᠷᠢᠭ ᠤᠨ ᠣᠷᠣᠵᠤ ᠭᠠᠷᠬᠤ ᠭᠠᠵᠠᠷ ᠤᠨ ᠲᠠᠷᠢᠶᠠᠯᠠᠩ ᠤᠨ ᠮᠠᠰᠢᠨ ᠪᠣᠷᠣᠯᠠᠭᠤᠯᠬᠤ ᠬᠤᠳᠠᠯᠳᠤᠭᠠᠨ ᠤ ᠫᠦᠰᠡ ᠶᠢ ᠱᠠᠭᠠᠷᠳᠠᠵᠤ᠂ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠨᠢ ᠬᠠᠲᠠᠭᠤᠷᠠᠭᠤᠯᠤᠭᠰᠠᠨ ᠲᠣᠭᠤᠰᠬᠠᠨ ᠳᠡᠭᠡᠷ᠎ᠡ ᠵᠣᠭᠰᠣᠵᠤ ᠪᠣᠯᠬᠤ ᠦᠭᠡᠢ᠂ ᠴᠥᠮ ᠵᠠᠰᠠᠮᠠᠯ ᠵᠠᠮ ᠠᠴᠠ 15 ᠮᠧᠲᠷ ᠭᠠᠷᠬᠤ ᠡᠯᠡᠰᠦᠨ ᠬᠥᠷᠥᠰᠥ ᠶᠢᠨ ᠭᠠᠵᠠᠷ ᠲᠤ ᠲᠡᠷᠢ ᠲᠡᠭᠰᠢ ᠡᠮᠬᠢ ᠵᠢᠷᠤᠮ ᠲᠠᠢ ᠪᠠᠷ ᠵᠣᠭᠰᠣᠭᠠᠵᠤ᠂ ᠭᠤᠸᠠᠩ ᠷᠦᠩ ᠵᠡᠭᠡᠯᠢ ᠶᠢᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠪᠣᠯᠤᠨ ᠬᠦᠨᠳᠦ ᠬᠡᠯᠪᠡᠷᠢ ᠶᠢᠨ ᠮᠠᠰᠢᠨ ᠮᠧᠬᠠᠨᠢᠭ ᠢ ᠴᠥᠮ ᠵᠠᠰᠠᠮᠠᠯ ᠵᠠᠮ ᠠᠴᠠ ᠭᠠᠷᠬᠤ 20  ᠮᠧᠲᠷ ᠠᠴᠠ ᠪᠤᠰᠤᠳ ᠡᠯᠡᠰᠦᠨ ᠬᠥᠷᠥᠰᠥ ᠶᠢᠨ ᠭᠠᠵᠠᠷ ᠤᠨ ᠭᠠᠳᠠᠷᠭᠤ ᠳᠤ ᠴᠥᠮ ᠵᠢᠭᠳᠡ ᠪᠥᠭᠡᠳ ᠡᠮᠬᠢ ᠵᠢᠷᠤᠮ ᠲᠠᠢ ᠪᠠᠷ ᠵᠣᠭᠰᠣᠭᠠᠨ᠎ᠠ᠃ ︵ᠲᠦᠷᠦᠭᠦᠯᠡᠬᠦ ᠨᠢᠭᠡᠴᠡ᠄ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ︔ ᠬᠠᠷᠢᠭᠤᠴᠠᠯᠭᠠᠲᠤ ᠨᠢᠭᠡᠴᠡ᠄ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ᠂ ᠡᠯ᠎ᠡ ᠪᠠᠯᠭᠠᠰᠤ︶      6. ᠠᠰᠠᠷ ᠤᠨ ᠬᠡᠷᠡᠮ ᠤᠨ ᠴᠢᠮᠡᠭᠯᠡᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠲᠥᠷᠥᠯ ᠤᠨ ᠪᠠᠭᠤᠳᠠᠯ᠂ ᠬᠤᠭᠤᠯᠠᠨ ᠭᠡᠷ᠂ ᠪᠡᠶ᠎ᠡ ᠤᠬᠢᠶᠠᠬᠤ ᠵᠡᠷᠭᠡ ᠠᠵᠢᠯ ᠲᠥᠷᠥᠯ ᠤᠨ ᠬᠢᠨ ᠠᠰᠠᠷ ᠤᠨ ᠥᠩᠭᠡ ᠪᠤᠳᠤᠭ ᠢ ᠬᠤᠪᠢᠷᠠᠭᠤᠯᠬᠤ ᠠᠴᠠ ᠡᠮᠦᠨ᠎ᠡ ᠬᠢᠨᠠᠨ ᠵᠥᠪᠰᠢᠶᠡᠷᠡᠵᠦ ᠳᠠᠩᠰᠠᠯᠠᠭᠤᠯᠬᠤ ᠬᠡᠷᠡᠭᠲᠡᠢ᠂ ᠥᠩᠭᠡᠯᠡᠬᠦ ᠥᠩᠭᠡ ᠶᠢᠨ ᠲᠣᠬᠢᠷᠠᠭᠤᠯᠤᠯᠲᠠ ᠶᠢ ᠡᠷᠬᠡᠪᠰᠢ ᠪᠥᠬᠦ ᠰᠢᠶᠠᠨ ᠤ ᠪᠦᠬᠦᠯᠢ ᠴᠣᠭᠴᠠ ᠶᠢᠨ ᠲᠥᠯᠥᠪᠵᠢᠭᠦᠯᠭᠡ ᠶᠢᠨ ᠥᠩᠭᠡ ᠲᠠᠢ ᠨᠢᠭᠡᠳᠦᠯᠲᠡᠢ ᠪᠠᠶᠢᠯᠭᠠᠵᠤ᠂ ᠳᠠᠩᠰᠠᠯᠠᠭᠤᠯᠬᠤ ᠪᠠᠷ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠥᠩᠭᠡᠯᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠬᠡᠨ᠎ᠡ᠃ ︵ᠬᠠᠷᠢᠭᠤᠴᠠᠯᠭᠠᠲᠤ ᠨᠢᠭᠡᠴᠡ᠄ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ︶     7. ᠬᠤᠲᠠ ᠲᠣᠭᠤᠷᠢᠭ ᠤᠨ ᠲᠡᠵᠢᠭᠡᠨ ᠦᠷᠡᠵᠢᠭᠦᠯᠬᠦ ᠡᠷᠴᠢᠮ ᠢ ᠨᠡᠮᠡᠭᠳᠡᠭᠦᠯᠦᠨ᠎ᠡ᠃ ᠬᠤᠲᠠ ᠶᠢᠨ ᠲᠣᠭᠤᠷᠢᠭ ᠲᠠᠬᠢ ᠭᠠᠭ᠋ᠠᠢ᠂ ᠦᠬᠡᠷ᠂ ᠬᠤᠨᠢ ᠲᠡᠵᠢᠭᠡᠬᠦ ᠵᠡᠷᠭᠡ ᠣᠷᠣᠨ ᠪᠦᠰᠡ ᠶᠢ ᠴᠡᠪᠡᠷᠯᠡᠬᠦ ᠶᠢ ᠴᠢᠩᠭᠠᠳᠬᠠᠵᠤ᠂ ᠬᠤᠲᠠ ᠶᠢᠨ ᠲᠣᠭᠤᠷᠢᠭ ᠲᠠᠬᠢ ᠮᠠᠯ ᠬᠠᠷᠢᠭᠤᠯᠬᠤ ᠶᠢ ᠡᠷᠡᠰ ᠬᠤᠷᠢᠭᠯᠠᠬᠤ ᠬᠡᠷᠡᠭᠲᠡᠢ᠃ ᠨᠡᠶᠢᠭᠡᠮ ᠲᠣᠭᠤᠷᠢᠭ ᠪᠠ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠬᠤᠲᠠ ᠶᠢᠨ ᠲᠣᠭᠤᠷᠢᠭ ᠲᠠᠬᠢ ᠡᠯ᠎ᠡ ᠲᠥᠷᠥᠯ ᠤᠨ ᠲᠡᠵᠢᠭᠡᠨ ᠦᠷᠡᠵᠢᠭᠦᠯᠬᠦ ᠪᠠᠶᠢᠳᠠᠯ ᠢ ᠣᠶᠢᠯᠠᠭᠠᠨ ᠳᠠᠩᠰᠠᠯᠠᠬᠤ ᠶᠢᠨ ᠬᠠᠮᠲᠤ ᠡᠮᠨᠡᠯᠭᠡ ᠠᠴᠠ ᠭᠠᠷᠴᠤ ᠲᠡᠵᠢᠭᠡᠵᠦ ᠪᠣᠯᠬᠤ ᠦᠭᠡᠢ ᠭᠡᠵᠦ ᠮᠡᠳᠡᠭᠳᠡᠬᠦ ᠬᠡᠷᠡᠭᠲᠡᠢ᠃ ᠣᠯᠠᠨᠲᠠ ᠰᠤᠷᠭᠠᠪᠠᠴᠤ ᠵᠠᠰᠠᠷᠠᠬᠤ ᠦᠭᠡᠢ ᠲᠡᠵᠢᠭᠡᠨ ᠦᠷᠡᠵᠢᠭᠦᠯᠬᠦ ᠡᠷᠦᠬᠡ ᠶᠢ᠂ ᠶᠢᠨ ᠱᠠᠨ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠶᠣᠰᠣᠭᠠᠷ ᠰᠢᠢᠳᠬᠡᠯ ᠥᠭᠭᠦᠨ᠎ᠡ᠃ ︵ᠲᠦᠷᠦᠭᠦᠯᠡᠬᠦ ᠨᠢᠭᠡᠴᠡ᠄ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ︔ ᠬᠠᠷᠢᠭᠤᠴᠠᠯᠭᠠᠲᠤ ᠨᠢᠭᠡᠴᠡ᠄ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠢᠨᠱᠠᠨ ᠪᠠᠯᠭᠠᠰᠤ︶        8. ᠰᠢᠨ᠎ᠡ ᠪᠠᠷ ᠪᠠᠶᠢᠭᠤᠯᠬᠤ ᠶᠢ ᠲᠠᠰᠤ ᠵᠣᠭᠰᠣᠭᠠᠵᠤ᠂ ᠳᠤᠷ᠎ᠠ ᠪᠠᠷ ᠢᠶᠠᠨ ᠪᠠᠷᠢᠬᠤ ᠶᠢ ᠴᠢᠩᠭ᠎ᠠ ᠪᠠᠶᠢᠴᠠᠭᠠᠨ᠎ᠠ ᠃ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠶᠢ ᠴᠢᠩᠭ᠎ᠠ ᠪᠠᠶᠢᠴᠠᠭᠠᠬᠤ ᠬᠡᠷᠡᠭᠲᠡᠢ᠃ ᠰᠢᠶᠠᠨ ᠤ ᠬᠤᠲᠠ ᠶᠢᠨ ᠬᠠᠮᠢᠶᠠᠷᠤᠯᠲᠠ᠂ ᠵᠢᠨᠱᠠᠨ ᠪᠠᠯᠭᠠᠰᠤ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠴᠢᠬᠤᠯᠠᠲᠠᠢ ᠦᠶ᠎ᠡ ᠳᠤ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠬᠦ ᠬᠡᠷᠡᠭᠲᠡᠢ᠃ ᠵᠢᠨᠱᠠᠨ ᠪᠠᠯᠭᠠᠰᠤ ᠬᠤᠲᠠ ᠶᠢᠨ ᠣᠷᠣᠵᠤ ᠭᠠᠷᠬᠤ ᠭᠠᠵᠠᠷ ᠪᠣᠯᠤᠨ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠳᠦᠷᠢᠮ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠪᠣᠯᠤᠨ ᠳᠤᠷ᠎ᠠ ᠪᠠᠷ ᠢᠶᠠᠨ ᠪᠠᠶᠢᠭᠤᠯᠬᠤ ᠦᠢᠯᠡ ᠠᠵᠢᠯᠯᠠᠭ᠎ᠠ ᠶᠢ ᠰᠠᠶᠢᠲᠤᠷ ᠠᠳᠬᠤᠵᠤ᠂ ᠲᠣᠭᠲᠠᠭᠠᠯ ᠠᠴᠠ ᠵᠥᠷᠢᠴᠡᠨ ᠬᠡᠷᠡᠭ ᠡᠳᠦᠵᠦ ᠪᠠᠶᠢᠭ᠎ᠠ ᠪᠠ ᠬᠦᠴᠦᠷᠬᠡᠭᠯᠡᠯ ᠢᠶᠠᠷ ᠬᠠᠤᠯᠢ ᠶᠢ ᠡᠰᠡᠷᠭᠦᠴᠡᠭᠰᠡᠨ ᠦᠢᠯᠡ ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠂ ᠭᠠᠳᠠᠨᠠᠬᠢ ᠲᠠᠪᠤᠨ ᠪᠠᠯᠭᠠᠰᠤ ᠪᠣᠳᠠᠲᠤ ᠪᠠᠶᠢᠳᠠᠯ ᠢᠶᠠᠨ ᠦᠨᠳᠦᠰᠦᠯᠡᠨ ᠥᠪᠡᠰᠦᠪᠡᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠬᠡᠷᠡᠭᠲᠡᠢ᠃ ︵ᠲᠦᠷᠦᠭᠦᠯᠡᠬᠦ ᠨᠢᠭᠡᠴᠡ᠄ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ︔ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶᠃      ᠭᠤᠷᠪᠠ᠂ ᠬᠤᠲᠠ ᠶᠢᠨ ᠳᠦᠷᠢ ᠲᠥᠷᠬᠦ ᠶᠢᠨ ᠡᠮᠬᠢ ᠳᠢᠭᠯᠢᠮ ᠢ ᠵᠢᠷᠤᠮᠵᠢᠭᠤᠯᠤᠨ ᠴᠡᠭᠴᠡᠯᠡᠨ ᠵᠠᠰᠠᠬᠤ ᠬᠡᠷᠡᠭᠲᠡᠢ      1. ᠵᠠᠮ ᠡᠵᠡᠯᠡᠭᠰᠡᠨ ᠡᠵᠡᠩᠨᠡᠯᠲᠡ ᠶᠢᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ︽ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ᠂ ᠬᠠᠮᠢᠶᠠᠷᠤᠯᠲᠠ ᠶᠢ ᠵᠢᠷᠤᠮᠵᠢᠭᠤᠯᠬᠤ︾᠂ ︽ᠵᠠᠰᠠᠮᠠᠯ ᠵᠠᠮ ᠢᠶᠠᠷ ᠠᠯᠪᠠᠯᠠᠬᠤ︾ ᠵᠠᠷᠴᠢᠮ ᠢ ᠪᠠᠷᠢᠮᠲᠠᠯᠠᠵᠤ᠂ ︽ᠲᠣᠣᠷᠵᠢᠭᠤᠯᠤᠭᠰᠠᠨ︾ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠲᠣᠭᠲᠠᠭᠠᠨ ᠵᠢᠵᠢᠭᠦᠷᠯᠡᠨ ᠰᠠᠬᠢᠬᠤ ᠪᠠ ᠬᠥᠳᠡᠯᠦᠩᠭᠦᠢ ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠶᠢᠨ ᠶᠣᠰᠣᠭᠠᠷ᠂ ᠬᠡᠰᠡᠭ ᠲᠣᠭᠤᠷᠢᠭ᠂ ᠵᠡᠭᠡᠯᠢ ᠭᠤᠳᠤᠮᠵᠢ ᠬᠤᠪᠢᠶᠠᠨ ᠬᠤᠲᠠ ᠶᠢᠨ ᠬᠠᠮᠢᠶᠠᠷᠤᠯᠲᠠ ᠶᠢᠨ ᠡᠩᠨᠡᠭᠡ ᠶᠢᠨ ᠬᠥᠮᠦᠰ ᠤᠨ ᠬᠠᠷᠢᠭᠤᠴᠠᠯᠭᠠᠲᠤ ᠣᠷᠣᠨ ᠪᠦᠰᠡ ᠶᠢ ᠨᠠᠷᠢᠯᠢᠬᠵᠢᠭᠤᠯᠵᠤ᠂ ᠡᠯ᠎ᠡ ᠵᠤᠷᠭᠠᠨ ᠤ ᠴᠢᠳᠠᠯ ᠢᠶᠠᠷ ᠢᠶᠠᠨ ᠬᠤᠲᠠ ᠶᠢᠨ ᠦᠵᠡᠮᠵᠢ ᠶᠢᠨ ᠡᠮᠬᠢ ᠳᠢᠭᠯᠢᠮ ᠢ ᠬᠠᠮᠢᠶᠠᠷᠤᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠬᠦ ᠬᠡᠷᠡᠭᠲᠡᠢ᠃ ᠵᠡᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠦᠢᠯᠡ ᠠᠵᠢᠯᠯᠠᠭ᠎ᠠ ᠠᠴᠠ ᠪᠣᠯᠵᠤ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠭᠡᠮ ᠠᠮᠠᠷᠬᠠᠨ ᠡᠭᠦᠰᠬᠦ ᠦᠵᠡᠭᠳᠡᠯ ᠳᠤ ᠴᠢᠭᠯᠡᠭᠦᠯᠦᠨ᠂ ᠳᠤᠷ᠎ᠠ ᠪᠠᠷ ᠢᠶᠠᠨ ᠵᠠᠮ ᠡᠵᠡᠯᠡᠬᠦ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠡᠵᠡᠩᠨᠡᠯᠲᠡ ᠶᠢᠨ ᠲᠠᠯᠠᠪᠠᠢ ᠶᠢ ᠥᠷᠭᠡᠳᠬᠡᠬᠦ᠂ ᠲᠦᠷ ᠴᠠᠭ ᠤᠨ ᠪᠤᠶᠤ ᠥᠨᠢᠳᠡ ᠶᠢᠨ ᠴᠢᠨᠠᠷᠲᠠᠢ ᠳᠡᠯᠭᠡᠭᠡ ᠮᠠᠶᠢᠮᠠᠢ ᠶᠢᠨ ᠰᠠᠷᠠᠪᠴᠢ ᠪᠠᠶᠢᠭᠤᠯᠬᠤ᠂ ᠳᠡᠯᠭᠡᠭᠡ ᠮᠠᠶᠢᠮᠠᠢ ᠶᠢᠨ ᠴᠡᠭ ᠭᠠᠷᠭᠠᠬᠤ ᠬᠤᠳᠠᠯᠳᠤᠭᠠᠴᠢᠨ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭᠠᠵᠠᠯᠠᠵᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠪᠠᠷ ᠵᠠᠮ ᠨᠡᠪᠲᠡᠷᠡᠬᠦ ᠶᠢ ᠨᠥᠯᠥᠭᠡᠯᠡᠬᠦ ᠦᠭᠡᠢ᠂ ᠳᠠᠭᠤ ᠱᠤᠤᠭᠢᠶᠠᠨ ᠪᠠ ᠣᠷᠴᠢᠨ ᠲᠣᠭᠤᠷᠢᠨ ᠤ ᠪᠣᠬᠢᠷᠲᠤᠯ ᠦᠭᠡᠢ᠂ ᠠᠮᠤᠷ ᠲᠦᠪᠰᠢᠨ ᠢ ᠦᠨᠡᠨ ᠬᠦ ᠪᠠᠲᠤᠯᠠᠬᠤ ᠵᠡᠷᠭᠡ ᠵᠣᠷᠢᠯᠲᠠ ᠪᠠᠷ ᠠᠷᠠᠳ ᠲᠤ ᠳᠥᠭᠦᠮ ᠦᠵᠡᠭᠦᠯᠬᠦ ᠲᠦᠷ ᠴᠠᠭ ᠤᠨ ᠵᠠᠬ᠎ᠠ ᠳᠡᠯᠭᠡᠭᠦᠷ ᠪᠠ ᠨᠠᠮᠤᠷ ᠤᠨ ᠨᠣᠭᠤᠭ᠎ᠠ ᠶᠢᠨ ᠵᠠᠬ᠎ᠠ ᠳᠡᠯᠭᠡᠭᠦᠷ ᠢ ᠰᠦᠪᠡᠭᠴᠢᠯᠡᠨ ᠪᠠᠶᠢᠷᠢᠯᠠᠭᠤᠯᠵᠤ᠂ ᠨᠡᠭᠦᠳᠡᠯ ᠳᠡᠯᠭᠡᠭᠦᠷᠴᠢᠨ ᠢ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠲᠤ ᠣᠷᠣᠭᠤᠯᠤᠨ ᠡᠵᠡᠩᠨᠡᠭᠦᠯᠬᠦ ᠬᠡᠷᠡᠭᠲᠡᠢ᠃ ᠵᠢᠨᠱᠠᠨ ᠠᠵᠤ ᠦᠢᠯᠡᠰ ᠤᠨ ᠬᠦᠷᠢᠶᠡᠯᠡᠩ ᠨᠢ ᠬᠦᠷᠢᠶᠡᠯᠡᠩ ᠲᠣᠭᠤᠷᠢᠭ ᠤᠨ ᠳᠣᠲᠣᠭᠠᠳᠤ ᠳᠤ ᠵᠡᠮ ᠡᠵᠡᠯᠡᠨ ᠡᠵᠡᠩᠨᠡᠬᠦ ᠵᠡᠷᠭᠡ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠨᠥᠯᠥᠭᠡᠯᠡᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ᠂ ᠵᠢᠨᠱᠠᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ︶      2. ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠵᠠᠮ ᠬᠠᠷᠢᠯᠴᠠᠭᠠᠨ ᠤ ᠪᠡᠯᠡᠳᠬᠡᠮᠵᠢ᠂ ᠵᠠᠮ ᠤᠨ ᠠᠶᠠᠨᠴᠢᠳ ᠤᠨ ᠲᠡᠭᠡᠭᠡᠪᠦᠷᠢ᠂ ᠠᠶᠤᠯ ᠲᠠᠢ ᠪᠠᠷᠠᠭ᠎ᠠ ᠶᠢᠨ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠳᠠᠯᠳᠠ ᠭᠡᠮ ᠤᠨ ᠨᠠᠷᠢᠨ ᠬᠠᠭᠤᠳᠠᠰᠤ ᠶᠢᠨ ᠳᠦᠷᠢᠮ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠨᠠᠷᠢᠯᠢᠬᠵᠢᠭᠤᠯᠬᠤ ᠬᠡᠷᠡᠭᠲᠡᠢ᠃ ᠬᠤᠲᠠ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠃ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠢ ᠲᠦᠯᠬᠢᠨ ᠠᠬᠢᠭᠤᠯᠵᠤ᠂ ᠵᠠᠮ ᠬᠠᠷᠢᠯᠴᠠᠭᠠᠨ ᠤ ᠪᠣᠯᠪᠠᠰᠤᠨ ᠦᠢᠯᠡ ᠠᠵᠢᠯᠯᠠᠭ᠎ᠠ ᠶᠢ ᠰᠠᠨᠠᠭᠠᠴᠢᠯᠠᠨ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠬᠤ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠬᠤ ᠬᠡᠷᠡᠭᠲᠡᠢ᠃ ᠵᠠᠮ ᠤᠨ ᠬᠠᠵᠠᠭᠤᠳᠠᠬᠢ ᠲᠣᠮᠣ ᠬᠡᠯᠪᠡᠷᠢ ᠶᠢᠨ ᠮᠠᠰᠢᠨ ᠮᠧᠬᠠᠨᠢᠭ᠂ ᠪᠠᠷᠢᠯᠭ᠎ᠠ ᠶᠢᠨ ᠮᠠᠰᠢᠨ ᠲᠡᠷᠭᠡ᠂ ᠦᠬᠦᠰᠢᠷᠡᠮᠡᠯ ᠮᠠᠰᠢᠨ ᠲᠡᠷᠭᠡ ᠶᠢ ᠬᠤᠯᠪᠣᠭᠠᠯᠠᠨ ᠴᠡᠭᠴᠡᠯᠡᠨ ᠵᠠᠰᠠᠵᠤ ᠴᠡᠪᠡᠷᠯᠡᠬᠦ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︔ ᠬᠠᠷᠢᠭᠤᠴᠠᠯᠭᠠᠲᠤ ᠨᠢᠭᠡᠴᠡ᠄ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ᠂ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ︶᠃      3. ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠪᠠ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃ ᠬᠠᠤᠯᠢ ᠪᠤᠰᠤ ᠪᠠᠷ ᠵᠠᠮ ᠤᠨ ᠠᠶᠠᠨᠴᠢᠳ ᠢ ᠲᠡᠭᠡᠭᠡᠪᠦᠷᠢᠯᠡᠬᠦ ᠪᠠ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡ ᠶᠢ ᠡᠵᠡᠩᠨᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠶᠢᠨ ᠡᠵᠡᠩᠨᠡᠯᠲᠡ ᠶᠢ ᠵᠢᠷᠤᠮᠵᠢᠭᠤᠯᠤᠨ᠂ ᠲᠡᠷᠭᠡ ᠶᠢᠨ ᠵᠠᠷ ᠮᠡᠳᠡᠭᠡ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠨᠢᠭᠡᠳᠦᠯᠲᠡᠶ ᠪᠣᠯᠭᠠᠵᠤ᠂ ᠲᠡᠷᠭᠡ ᠬᠥᠰᠬᠡ ᠶᠢᠨ ᠠᠮᠤᠷ ᠲᠦᠪᠰᠢᠨ ᠪᠠ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠷᠠᠭᠤᠯᠤᠨ᠂ ᠳᠤᠷ᠎ᠠ ᠪᠠᠷ ᠢᠶᠠᠨ ᠲᠡᠷᠭᠡ ᠵᠣᠭᠰᠣᠭᠠᠵᠤ ᠠᠶᠠᠨᠴᠢᠳ ᠢ ᠲᠡᠭᠡᠭᠡᠬᠦ᠂ ᠲᠣᠭᠲᠠᠭᠰᠠᠨ ᠵᠠᠮ ᠱᠤᠭᠤᠮ ᠢᠶᠠᠷ ᠶᠠᠪᠤᠭᠤᠯᠬᠤ ᠦᠭᠡᠶ ᠵᠡᠷᠭᠡ ᠦᠢᠯᠡ ᠠᠵᠢᠯᠯᠠᠭ᠎ᠠ ᠶᠢ ᠡᠷᠡᠰ ᠵᠣᠭᠰᠣᠭᠠᠬᠤ ᠬᠡᠷᠡᠭᠲᠡᠶ᠃ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠶᠢᠨ ᠫᠠᠶᠢᠰᠠ ᠶᠢ ᠲᠣᠬᠢᠷᠠᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠵᠦ᠂ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠶᠢᠨ ᠵᠠᠮ ᠱᠤᠭᠤᠮ ᠲᠠᠢ ᠤᠶᠠᠯᠳᠤᠭᠤᠯᠤᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠶᠢᠨ ᠫᠠᠶᠢᠰᠠ ᠶᠢ ᠵᠦᠶ ᠵᠣᠬᠢᠰᠲᠠᠶ ᠳᠣᠭᠢᠷᠠᠭᠤᠯᠵᠤ᠂ ᠤᠳᠠᠭᠠᠨ ᠵᠢᠯ ᠵᠠᠰᠠᠭᠰᠠᠨ ᠥᠬᠡᠶ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠶᠢᠨ ᠫᠠᠶᠢᠰᠠ ᠶᠢ ᠰᠡᠯᠪᠢᠨ ᠵᠠᠰᠠᠨ᠎ᠠ᠃ ︵ᠲᠦᠷᠦᠭᠦᠯᠡᠬᠦ ᠨᠢᠭᠡᠴᠡ᠄ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︶       4.  ᠮᠠᠰᠢᠨᠲᠤ ᠪᠤᠰᠤ ᠲᠡᠷᠭᠡ ᠪᠣᠯᠤᠨ ᠬᠠᠮᠲᠤ ᠳᠠᠭᠠᠨ ᠡᠳ᠋ᠯᠡᠬᠦ ᠳᠤᠭᠤᠶ ᠲᠡᠷᠭᠡᠨ ᠤ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠪᠠ ᠳᠤᠭᠤᠢ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠂ ᠥᠷᠭᠡᠨ ᠣᠯᠠᠨ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠪᠣᠯᠪᠠᠰᠤᠨ ᠢᠶᠠᠷ ᠲᠡᠷᠭᠡ ᠵᠣᠭᠰᠣᠭᠠᠵᠤ᠂ ᠲᠡᠷᠭᠡ ᠵᠣᠭᠰᠣᠭᠠᠬᠤ ᠡᠮᠬᠢ ᠳᠢᠭᠯᠢᠮ ᠢ ᠦᠨᠡᠨᠬᠦ ᠵᠢᠷᠤᠮᠵᠢᠭᠤᠯᠤᠨ᠂ ᠲᠡᠷᠭᠡ ᠵᠣᠭᠰᠣᠭᠠᠬᠤ ᠰᠠᠶᠢᠨ ᠰᠠᠶᠢᠬᠠᠨ ᠵᠢᠷᠤᠮᠵᠢᠭᠰᠠᠨ ᠵᠣᠭᠰᠣᠭᠠᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠮᠠᠰᠢᠨᠲᠤ ᠪᠤᠰᠤ ᠲᠡᠷᠭᠡ ᠶᠢ ᠵᠠᠮ ᠳᠤ ᠭᠠᠷᠭᠠᠬᠤ ᠬᠠᠮᠢᠶᠠᠷᠤᠯᠲᠠ ᠶᠢ ᠴᠢᠩᠭᠠᠳᠬᠠᠨ᠂ ᠵᠠᠮ ᠬᠠᠷᠢᠯᠴᠠᠭᠠᠨ ᠤ ᠠᠳᠠᠯ ᠢ ᠰᠡᠷᠭᠡᠶᠢᠯᠡᠨ ᠪᠠᠭᠠᠰᠬᠠᠵᠤ᠂ ᠵᠣᠭᠰᠣᠭᠠᠬᠤ ᠣᠷᠣᠨ ᠢ ᠵᠦᠢ ᠵᠣᠬᠢᠰᠲᠠᠶ ᠲᠥᠯᠥᠪᠵᠢᠭᠦᠯᠵᠦ᠂ ᠵᠠᠮ ᠬᠠᠷᠢᠯᠴᠠᠭᠠᠨ ᠤ ᠬᠡᠪ ᠤᠨ ᠡᠮᠬᠢ ᠳᠢᠭᠯᠢᠮ ᠢ ᠬᠠᠮᠠᠭᠠᠯᠠᠨ᠎ᠠ᠃ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ︽ᠭᠠᠷ ᠤᠨ ᠥᠰᠥᠭ ᠵᠢᠷᠤᠬᠤ︾ ᠠᠵᠢᠯᠯᠠᠭ᠎ᠠ ᠶᠢ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠲᠣᠭᠲᠠᠭᠠᠯ ᠠᠴᠠ ᠵᠥᠷᠢᠴᠡᠨ ᠲᠡᠷᠭᠡ ᠵᠣᠭᠰᠣᠭᠠᠭᠰᠠᠨ ᠲᠡᠷᠭᠡ ᠬᠥᠰᠬᠡ ᠶᠢ ᠭᠠᠷ ᠤᠨ ᠠᠶ᠎ᠠ ᠪᠠᠷ ᠲᠠᠯᠪᠢᠬᠤ ᠤᠬᠠᠮᠰᠠᠷ ᠢ ᠳᠡᠭᠡᠭᠰᠢᠯᠡᠭᠦᠯᠪᠡ᠃ ᠬᠠᠮᠲᠤ ᠪᠠᠷ ᠡᠳ᠋ᠯᠡᠬᠦ ᠳᠤᠭᠤᠶ ᠲᠡᠷᠭᠡᠨ ᠤ ᠡᠵᠡᠩᠨᠡᠯᠲᠡ ᠶᠢᠨ ᠠᠵᠤ ᠠᠬᠤᠶᠢᠯᠠᠯ ᠲᠠᠯᠪᠢᠬᠤ ᠤᠳᠠᠭ᠎ᠠ ᠪᠠᠨ ᠴᠢᠩᠭᠠᠳᠬᠠᠵᠤ᠂ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠢ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠬᠡᠲᠦ ᠳᠡᠯᠭᠡᠭᠦᠷ ᠤᠨ ᠡᠭᠦᠳᠡᠨ ᠡᠮᠦᠨᠡᠬᠢ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠲᠤᠰᠬᠠᠶ ᠬᠥᠮᠦᠨ ᠲᠣᠬᠢᠷᠠᠭᠤᠯᠤᠨ ᠮᠠᠰᠢᠨᠲᠤ ᠪᠤᠰᠤ ᠲᠡᠷᠭᠡ ᠵᠣᠭᠰᠣᠭᠠᠬᠤ ᠪᠠ ᠲᠠᠯᠪᠢᠬᠤ ᠶᠢ ᠵᠢᠷᠤᠮᠵᠢᠭᠤᠯᠬᠤ ᠶᠢ ᠬᠠᠷᠢᠭᠤᠴᠠᠭᠤᠯᠵᠤ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ︔ ᠬᠠᠷᠢᠭᠤᠴᠠᠯᠭᠠᠲᠤ ᠨᠢᠭᠡᠴᠡ᠄ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠶᠠᠨ ᠤ ᠬᠠᠮ ᠵᠠᠭᠤᠴᠢᠯᠠᠭᠤᠷ ᠤᠨ ᠲᠥᠪ᠂ ᠰᠢᠶᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ︶      5.  ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠪᠣᠯᠤᠨ ᠣᠯᠠᠨ ᠨᠡᠶᠢᠲᠡ ᠶᠢᠨ ᠪᠡᠯᠡᠳᠬᠡᠮᠵᠢ ᠶᠢ ᠰᠡᠯᠪᠢᠨ ᠵᠠᠰᠠᠵᠤ ᠰᠣᠯᠢᠬᠤ ᠠᠵᠢᠯ ᠢ ᠰᠠᠶᠢᠲᠤᠷ ᠬᠢᠨ᠎ᠡ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠲᠤᠰ ᠲᠤᠰ ᠤᠨ ᠬᠦᠷᠢᠶ᠎ᠡ ᠬᠡᠪᠴᠢᠶᠡᠨ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰ ᠲᠤᠰ ᠤᠨ ᠬᠦᠷᠢᠶ᠎ᠡ ᠬᠡᠪᠴᠢᠶᠡᠨ ᠳᠤ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ ᠣᠷᠣᠨ ᠪᠦᠰᠡ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠡᠪᠳᠡᠭᠳᠡᠭᠰᠡᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠪᠠ ᠪᠡᠯᠡᠳᠬᠡᠮᠵᠢ ᠶᠢ ᠴᠠᠭ ᠲᠤᠬᠠᠢ ᠳᠤᠨᠢ ᠰᠣᠯᠢᠬᠤ ᠪᠤᠶᠤ ᠰᠡᠯᠪᠢᠨ ᠵᠠᠰᠠᠬᠤ ᠬᠡᠷᠡᠭᠲᠡᠢ᠃ ︵ᠲᠦᠷᠦᠭᠦᠯᠡᠬᠦ ᠨᠢᠭᠡᠴᠡ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠯ᠎ᠡ ᠪᠠᠯᠭᠠᠰᠤ︶        6. ᠡᠪᠳᠡᠷᠬᠡᠢ ᠬᠡᠷᠡᠮ ᠬᠠᠨ᠎ᠠ᠂ ᠨᠢᠴᠦᠭᠦᠨ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠬᠤᠲᠠ ᠶᠢᠨ ᠲᠠᠲᠠᠪᠤᠷᠢᠯᠠᠨ ᠨᠤᠷᠠᠭᠠᠬᠤ ᠠᠰᠠᠭᠤᠳᠠᠯ ᠢ ᠰᠢᠢᠳᠪᠦᠷᠢᠯᠡᠬᠦ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠬᠤ ᠬᠡᠷᠡᠭᠲᠡᠢ᠃ ᠬᠤᠲᠠ ᠶᠢᠨ ᠬᠤᠭᠤᠰᠣᠨ ᠭᠠᠵᠠᠷ ᠢ ᠨᠤᠷᠠᠭᠠᠬᠤ᠂ ᠵᠠᠮ ᠤᠨ ᠬᠤᠶᠠᠷ ᠲᠠᠯ᠎ᠠ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠪᠠᠷᠢᠯᠭ᠎ᠠ ᠶᠢᠨ ᠭᠠᠵᠠᠷ ᠤᠨ ᠡᠷᠭᠢᠨ ᠲᠣᠭᠤᠷᠢᠨ᠂ ᠲᠦᠷ ᠴᠠᠭ ᠰᠤᠯᠠ ᠲᠠᠯᠪᠢᠵᠤ ᠪᠠᠶᠢᠭ᠎ᠠ ᠭᠠᠵᠠᠷ᠂ ᠭᠤᠣᠯ ᠤᠨ ᠵᠠᠮ᠂ ᠵᠢᠵᠢᠭ ᠲᠣᠭᠤᠷᠢᠭ ᠤᠨ ᠡᠷᠭᠢᠨ ᠲᠣᠭᠤᠷᠢᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠡᠪᠳᠡᠷᠬᠡᠢ ᠬᠡᠷᠡᠮ᠂ ᠢᠯᠡ ᠭᠠᠵᠠᠷ ᠰᠢᠷᠣᠢ ᠶᠢ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠶᠡᠷᠦᠩᠬᠡᠶᠢᠯᠡᠨ ᠴᠡᠭᠴᠡᠯᠡᠨ ᠵᠠᠰᠠᠨ᠎ᠠ᠃ ᠰᠢᠶᠠᠨ ᠤ ᠬᠤᠲᠠ ᠶᠢᠨ ᠳᠣᠲᠣᠷᠠᠬᠢ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠠᠰᠢᠶᠠᠲᠤ ᠡᠷᠦᠬᠡ᠂ ᠣᠨᠴᠠᠭᠠᠢ ᠡᠷᠦᠬᠡ ᠵᠡᠷᠭᠡ ᠳᠤ ᠴᠢᠭᠯᠡᠭᠦᠯᠦᠨ᠂ ᠤᠬᠠᠭᠤᠯᠤᠨ ᠳᠠᠶᠢᠴᠢᠯᠠᠬᠤ᠂ ᠦᠵᠡᠯ ᠰᠠᠨᠠᠭᠠᠨ ᠤ ᠬᠥᠲᠥᠯᠥᠨ ᠵᠢᠯᠣᠭᠤᠳᠬᠤ ᠪᠠ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯ ᠢ ᠬᠦᠯᠢᠴᠡᠩᠭᠦᠢ ᠨᠠᠷᠢᠨ ᠨᠢᠮᠪᠠᠢ ᠰᠠᠶᠢᠲᠤᠷ ᠬᠢᠵᠦ᠂ ᠬᠠᠤᠯᠢ ᠲᠣᠭᠲᠠᠭᠠᠯ ᠶᠣᠰᠣᠭᠠᠷ ᠲᠦᠷᠭᠡᠬᠡᠨ ᠨᠤᠷᠠᠭᠠᠬᠤ ᠪᠠᠷ ᠴᠢᠷᠮᠠᠶᠢᠨ᠎ᠠ᠃ ︵ᠲᠦᠷᠦᠭᠦᠯᠡᠬᠦ ᠨᠢᠭᠡᠴᠡ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠵᠢᠨᠱᠠᠨ ᠪᠠᠯᠭᠠᠰᠤ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ︶      7. ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠪᠠᠷᠢᠯᠭ᠎ᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠪᠠᠷᠢᠬᠤ ᠨᠢᠭᠡᠴᠡ ᠶᠢ ᠲᠣᠭᠤᠰᠣ ᠶᠢ ᠰᠡᠷᠭᠡᠶᠢᠯᠡᠬᠦ᠂ ᠱᠤᠤᠭᠢᠶᠠᠨ ᠢ ᠰᠡᠷᠭᠡᠶᠢᠯᠡᠬᠦ᠂ ᠪᠣᠬᠢᠷᠲᠤᠯ ᠢ ᠰᠡᠷᠭᠡᠶᠢᠯᠡᠬᠦ ᠶᠢ ᠠᠩᠬᠠᠷᠴᠤ᠂ ᠪᠠᠷᠢᠯᠭ᠎ᠠ ᠪᠠᠷᠢᠬᠤ ᠳᠤ ᠵᠠᠮ ᠪᠠ ᠣᠯᠠᠨ ᠨᠡᠶᠢᠲᠡ ᠶᠢᠨ ᠲᠠᠯᠠᠪᠤᠷ ᠢ ᠤᠷᠲᠤ ᠬᠤᠭᠤᠴᠠᠭ᠎ᠠ ᠪᠠᠷ ᠡᠵᠡᠯᠡᠨ ᠬᠡᠷᠡᠭᠯᠡᠵᠦ ᠪᠣᠯᠬᠤ ᠦᠭᠡᠢ ᠭᠡᠵᠦ ᠱᠠᠭᠠᠷᠳᠠᠪᠠ᠃ ᠪᠠᠷᠢᠯᠭ᠎ᠠ ᠶᠢᠨ ᠬᠦᠷᠢᠶᠡᠯᠡᠨ ᠬᠠᠰᠢᠬᠤ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠬᠡᠪᠯᠡᠯ ᠤᠨ ᠨᠢᠭᠤᠷ ᠤᠨ ᠪᠠᠶᠢᠷᠢᠯᠠᠭᠤᠯᠤᠯᠲᠠ ᠶᠢ ᠴᠢᠬᠤᠯᠠᠴᠢᠯᠠᠨ᠂ ᠠᠮᠤᠷ ᠲᠦᠪᠰᠢᠨ᠂ ᠨᠢᠭᠤᠷ ᠤᠨ ᠨᠠᠷᠢᠯᠢᠭ ᠰᠠᠶᠢᠬᠠᠨ᠂ ᠠᠭᠤᠯᠭ᠎ᠠ ᠶᠢᠨ ᠪᠦᠷᠢᠨ ᠪᠦᠲᠦᠨ᠂ ᠴᠡᠪᠡᠷ ᠴᠡᠮᠴᠡᠭᠡᠷ ᠪᠠᠶᠢᠬᠤ ᠶᠢ ᠪᠡᠶᠡᠯᠡᠭᠦᠯᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶      8. ᠬᠤᠲᠠ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ᠬᠤᠲᠠ ᠶᠢᠨ ᠶᠡᠷᠦᠩᠬᠡᠢ ᠲᠥᠯᠥᠪᠵᠢᠭᠦᠯᠭᠡ ᠲᠠᠢ ᠤᠶᠠᠯᠳᠤᠭᠤᠯᠤᠨ᠂ ᠬᠤᠲᠠ ᠶᠢᠨ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠬᠤ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠨ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠶᠢᠨ ᠨᠣᠭᠤᠭᠠᠨ ᠬᠥᠷᠥᠰᠥ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠨᠣᠭᠤᠭᠠᠨ ᠬᠥᠷᠥᠰᠥ ᠶᠢᠨ ᠠᠷᠠᠴᠢᠯᠠᠯᠲᠠ ᠬᠠᠮᠠᠭᠠᠯᠠᠯᠲᠠ ᠶᠢᠨ ᠬᠠᠮᠢᠶᠠᠷᠤᠯᠲᠠ ᠶᠢ ᠨᠠᠷᠢᠯᠢᠭᠵᠢᠭᠤᠯᠬᠤ ᠬᠡᠷᠡᠭᠲᠡᠢ᠃ ᠪᠡᠯᠡ ᠮᠥᠩᠭᠦ ᠶᠢ ᠢᠳᠡᠪᠬᠢᠲᠡᠢ ᠪᠠᠷ ᠴᠢᠷᠮᠠᠶᠢᠨ ᠣᠯᠵᠤ ᠪᠠᠶᠢᠭᠠᠳ ᠬᠤᠲᠠ ᠶᠢᠨ ᠲᠣᠭᠤᠷᠢᠭ ᠤᠨ ᠳᠣᠲᠣᠷᠠᠬᠢ ᠰᠢᠨ᠎ᠡ ᠪᠠᠷ ᠪᠠᠶᠢᠭᠤᠯᠤᠭᠰᠠᠨ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠠᠭᠤᠳᠠᠮ ᠲᠠᠯᠠᠪᠠᠢ᠂ ᠴᠡᠴᠡᠷᠯᠢᠭ᠂ ᠨᠣᠭᠤᠭᠠᠷᠠᠭᠤᠯᠤᠯᠲᠠ ᠶᠢᠨ ᠪᠦᠰᠡ᠂ ᠦᠵᠡᠮᠵᠢ ᠶᠢᠨ ᠪᠦᠰᠡ ᠶᠢᠨ ᠡᠪᠳᠡᠷᠡᠵᠦ ᠰᠦᠢᠳᠦᠭᠰᠡᠨ ᠬᠡᠰᠡᠭ ᠢ ᠨᠥᠬᠦᠵᠦ ᠲᠠᠷᠢᠬᠤ ᠠᠵᠢᠯ ᠢ ᠴᠢᠩᠭᠠᠳᠬᠠᠨ᠂ ᠬᠤᠪᠠᠭ᠋ᠠᠢ ᠮᠣᠳᠣ ᠶᠢ ᠪᠦᠬᠦ ᠲᠠᠯ᠎ᠠ ᠪᠠᠷ ᠴᠡᠪᠡᠷᠯᠡᠵᠦ᠂ ︽ᠮᠣᠳᠣ ᠦᠭᠡᠢ ᠵᠠᠮ︾ ᠢ ᠠᠷᠢᠯᠭᠠᠨ᠎ᠠ᠃ ᠡᠯ᠎ᠡ ᠪᠠᠯᠭᠠᠰᠤ᠂ ᠵᠢᠨᠱᠠᠨ ᠠᠵᠤ ᠦᠢᠯᠡᠰ ᠤᠨ ᠬᠦᠷᠢᠶᠡᠯᠡᠩ ᠥᠪᠡᠷᠲᠡᠭᠡᠨ ᠲᠥᠯᠥᠪᠵᠢᠭᠦᠯᠦᠨ᠎ᠡ᠃ ︵ᠲᠦᠷᠦᠭᠦᠯᠡᠬᠦ ᠨᠢᠭᠡᠴᠡ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ᠂ ᠵᠢᠨᠱᠠᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ︶      9.  ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠷᠢ ᠴᠢᠳᠠᠮᠵᠢ ᠲᠠᠢ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠷ ᠥᠨᠳᠥᠷ ᠠᠳᠠᠯ ᠠᠬᠤᠢ ᠶᠢᠨ ᠺᠣᠮᠫᠠᠨᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠳᠠᠯ ᠠᠬᠤᠢ ᠦᠭᠡᠢ ᠵᠢᠵᠢᠭ ᠲᠣᠭᠤᠷᠢᠭ ᠢ ᠵᠢᠷᠤᠮᠵᠢᠭᠤᠯᠤᠨ ᠬᠠᠮᠢᠶᠠᠷᠬᠤ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠨ᠂ ᠰᠢᠨ᠎ᠡ ᠠᠳᠠᠯ ᠠᠬᠤᠢ ᠶᠢᠨ ᠺᠣᠮᠫᠠᠨᠢ ᠶᠢ ᠲᠦᠷᠭᠡᠬᠡᠨ ᠣᠷᠣᠭᠤᠯᠤᠨ ᠠᠪᠴᠢᠷᠠᠵᠤ ᠬᠠᠮᠢᠶᠠᠷᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠣᠷᠣᠨ ᠰᠠᠭᠤᠴᠠ ᠶᠢᠨ ᠵᠢᠵᠢᠭ ᠲᠣᠭᠤᠷᠢᠭ ᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠷᠠᠭᠤᠯᠵᠤ᠂ ᠠᠳᠠᠯ ᠠᠬᠤᠢ ᠶᠢᠨ ᠺᠣᠮᠫᠠᠨᠢ ᠶᠢ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠤᠨ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠣᠳᠣᠨ ᠳᠡᠰ ᠢ ᠦᠨᠡᠯᠡᠨ ᠲᠣᠭᠲᠠᠭᠠᠬᠤ ᠠᠵᠢᠯ ᠢ ᠥᠷᠨᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠵᠢᠨᠱᠠᠨ ᠪᠠᠯᠭᠠᠰᠤ︶      10. ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠨᠡᠮᠡᠭᠳᠡᠭᠦᠯᠦᠨ᠎ᠡ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠦᠨ᠂ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠲᠥᠬᠦᠭᠡᠷᠦᠮᠵᠢ ᠶᠢᠨ ᠠᠵᠢᠯᠯᠠᠭᠠᠨ ᠤ ᠬᠠᠮᠠᠭᠠᠯᠠᠯᠲᠠ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠴᠠᠭ ᠲᠤᠬᠠᠢ ᠳᠤᠨᠢ᠂ ᠣᠨᠣᠪᠴᠢᠲᠠᠢ ᠪᠠᠶᠢᠬᠤ ᠶᠢ ᠦᠨᠡᠨᠬᠦ ᠪᠠᠲᠤᠯᠠᠵᠤ᠂ ᠤᠰᠤ ᠭᠠᠷᠭᠠᠬᠤ ᠪᠠᠷᠢᠮᠵᠢᠶ᠎ᠠ ᠳᠤ ᠬᠦᠷᠬᠦ ᠨᠣᠷᠮ᠎ᠠ ᠶᠢ ᠪᠠᠲᠤᠯᠠᠨ᠎ᠠ︔ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠶᠢ ᠶᠡᠬᠡᠪᠡᠷ ᠳᠡᠯᠭᠡᠷᠡᠭᠦᠯᠵᠦ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ︽ᠭᠤᠷᠪᠠᠨ ᠨᠣᠷᠮ᠎ᠠ︾ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠲᠦᠷᠭᠡᠬᠡᠨ ᠪᠡᠶᠡᠯᠡᠭᠦᠯᠵᠦ᠂ ᠬᠤᠲᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ ᠭᠤᠣᠯ ᠤᠨ ᠵᠠᠮ ᠢ ᠲᠣᠭᠤᠷᠢᠨ ᠪᠠᠶᠢᠴᠠᠭᠠᠬᠤ ᠪᠠ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠤᠨ ᠵᠠᠮ ᠤᠨ ᠬᠤᠭ ᠨᠣᠪᠰᠢ ᠶᠢ ᠬᠤᠯᠠᠭᠠᠶᠢᠯᠠᠨ ᠬᠠᠶᠠᠬᠤ ᠪᠠ ᠪᠣᠬᠢᠷ ᠤᠰᠤ ᠶᠢ ᠰᠢᠭᠤᠳ ᠭᠤᠣᠯ ᠤᠨ ᠵᠠᠮ ᠢ ᠭᠠᠳᠠᠭᠰᠢᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠲᠦᠷᠦᠭᠦᠯᠡᠨ ᠬᠢᠬᠦ ᠨᠢᠭᠡᠴᠡ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ      11 . ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠬᠦ ᠬᠡᠷᠡᠭᠲᠡᠢ᠃ ᠬᠤᠲᠠ ᠶᠢᠨ ᠰᠠᠭᠤᠷᠢ ᠪᠡᠯᠡᠳᠬᠡᠮᠵᠢ ᠶᠢ ᠢᠯᠭᠠᠷᠠᠭᠤᠯᠤᠨ ᠪᠠᠶᠢᠴᠠᠭᠠᠬᠤ᠂ ᠳᠠᠩᠰᠠᠯᠠᠬᠤ ᠠᠵᠢᠯ ᠢ ᠥᠷᠨᠢᠭᠦᠯᠦᠨ᠂ ᠬᠤᠲᠠ ᠶᠢᠨ ᠰᠠᠭᠠᠳ ᠦᠭᠡᠢ ᠪᠡᠯᠡᠳᠬᠡᠮᠵᠢ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠴᠢᠩᠭᠠᠳᠬᠠᠵᠤ᠂ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ᠂ ᠴᠢᠮᠡᠭᠡ ᠬᠤᠯᠪᠣᠭ᠎ᠠ᠂ ᠲᠣᠣᠷ ᠰᠦᠯᠵᠢᠶ᠎ᠡ᠂ ᠭᠠᠯ ᠤᠨᠲᠠᠷᠠᠭᠠᠬᠤ ᠵᠡᠷᠭᠡ ᠴᠢᠬᠤᠯᠠ ᠬᠤᠭᠤᠯᠠᠢ ᠶᠢᠨ ᠱᠤᠭᠤᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠡᠷᠴᠢᠮ ᠢ ᠨᠡᠮᠡᠭᠳᠡᠭᠦᠯᠵᠦ᠂ ᠠᠶᠤᠯ ᠦᠭᠡᠢ ᠪᠥᠭᠡᠳ ᠲᠣᠭᠲᠠᠭᠤᠨ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠢ᠃ ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠡᠷᠭᠡ ᠵᠣᠭᠰᠣᠭᠠᠬᠤ ᠭᠠᠵᠠᠷ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠲᠡᠷᠭᠡ ᠬᠥᠰᠬᠡ ᠶᠢᠨ ᠵᠣᠭᠰᠣᠬᠤ ᠡᠮᠬᠢ ᠳᠢᠭᠯᠢᠮ ᠢ ᠵᠢᠷᠤᠮᠵᠢᠭᠤᠯᠤᠨ᠂ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠤᠨ ᠲᠣᠣᠷ ᠢ ᠲᠣᠬᠢᠷᠠᠭᠤᠯᠤᠨ ᠲᠡᠭᠦᠯᠳᠡᠷᠵᠢᠭᠦᠯᠵᠦ᠂ ᠨᠡᠶᠢᠲᠡ ᠶᠢᠨ ᠵᠠᠮ ᠬᠠᠷᠢᠯᠴᠠᠭᠠᠨ ᠤ ᠡᠭᠡᠯᠵᠢ ᠤᠳᠠᠭ᠎ᠠ ᠶᠢ ᠠᠯᠬᠤᠮ ᠠᠯᠬᠤᠮ ᠢᠶᠠᠷ ᠨᠡᠮᠡᠭᠳᠡᠭᠦᠯᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ᠂ ᠰᠢᠶᠠᠨ ᠤ ᠭᠠᠯ ᠤᠨᠲᠠᠷᠠᠭᠠᠬᠤ ᠶᠡᠭᠡ ᠠᠩᠭᠢ᠂ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ᠂ ᠪᠠᠬᠢᠵᠢᠭᠦᠯᠵᠦ ᠺᠣᠮᠫᠠᠨᠢ᠂ ᠰᠢᠶᠠᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ︶      12. ᠬᠤᠲᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠢ ᠴᠢᠩᠭᠠᠷᠠᠭᠤᠯᠤᠨ᠎ᠠ᠃ ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠵᠡᠷᠭᠡ ᠬᠦᠷᠢᠶ᠎ᠡ ᠴᠠᠷᠠᠭ᠎ᠠ ᠪᠠ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ᠂ ᠬᠡᠦᠬᠡᠳ ᠤᠨ ᠴᠡᠴᠡᠷᠯᠢᠭ ᠪᠠ ᠰᠤᠷᠭᠠᠭᠤᠯᠢ ᠶᠢᠨ ᠡᠷᠭᠢᠨ ᠲᠣᠭᠤᠷᠢᠨ ᠵᠢᠴᠢ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠴᠢᠬᠤᠯᠠ ᠴᠠᠭ ᠤᠨ ᠵᠠᠩᠭᠢᠯᠠᠭ᠎ᠠ ᠶᠢᠨ ᠴᠡᠭ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠵᠤ᠂ ᠬᠥᠮᠦᠨ᠂ ᠪᠣᠳᠠᠰ᠂ ᠭᠡᠷ ᠪᠠᠶᠢᠰᠢᠩ᠂ ᠴᠡᠭ᠂ ᠵᠠᠮ᠂ ᠰᠦᠯᠵᠢᠶ᠎ᠡ ᠵᠡᠷᠭᠡ ᠵᠠᠩᠭᠢᠯᠠᠭ᠎ᠠ ᠶᠢᠨ ᠡᠯᠧᠮᠧᠨ᠋ᠲ ᠤᠨ ᠲᠣᠭᠤᠷᠢᠨ ᠳᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠠᠵᠢᠯᠯᠠᠭᠠᠨ ᠤ ᠲᠦᠭᠰᠢᠭᠦᠷᠢ ᠶᠢ ᠪᠦᠲᠦᠮᠵᠢᠲᠡᠢ ᠠᠷᠭᠠᠴᠠᠵᠤ᠂ ᠬᠤᠲᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠡᠨᠦᠭᠦᠯ ᠨᠣᠬᠠᠢ ᠪᠠ ᠬᠤᠪᠢ ᠬᠥᠮᠦᠨ ᠨᠣᠬᠠᠢ ᠲᠡᠵᠢᠭᠡᠬᠦ ᠶᠢ ᠢᠯᠭᠠᠷᠠᠭᠤᠯᠤᠨ ᠴᠡᠭᠴᠡᠯᠡᠨ᠎ᠡ᠃ ︵ᠲᠦᠷᠦᠭᠦᠯᠡᠬᠦ ᠨᠢᠭᠡᠴᠡ᠄ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠶᠠᠨ ᠤ ᠭᠠᠯ ᠤᠨᠲᠠᠷᠠᠭᠠᠬᠤ ᠶᠡᠭᠡ ᠠᠩᠭᠢ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ︶      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠃ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠦᠷᠭᠡᠨ ᠳᠠᠶᠢᠴᠢᠯᠠᠵᠤ ᠳᠠᠷᠦ᠋ᠢᠬᠠᠨ ᠪᠠᠶᠢᠷᠢᠯᠠᠭᠤᠯᠵᠤ᠂ ᠭᠤᠤᠯ ᠤᠳᠤᠷᠢᠳᠤᠯᠭ᠎ᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠨ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠪᠠᠲᠤᠯᠠᠵᠤ᠂ ᠭᠠᠷᠠᠭ ᠪᠦᠷᠢ ᠠᠳᠠᠭ ᠲᠠᠭᠠᠨ ᠨᠢᠭᠡ ᠤᠳᠠᠭ᠎ᠠ ᠠᠵᠢᠯ ᠥᠷᠨᠢᠭᠦᠯᠦᠭᠰᠡᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠡᠯ᠎ᠡ ᠵᠦᠢᠯ ᠤᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠣᠳᠠᠲᠠᠶᠢᠵᠢᠭᠤᠯᠬᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃      ︵ᠬᠤᠶᠠᠷ︶ ᠠᠵᠢᠯ ᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠰ ᠪᠡᠶ᠎ᠡ ᠶᠢᠨ ᠪᠣᠳᠠᠲᠠᠶ ᠲᠠᠢ ᠪᠠᠨ ᠤᠶᠠᠯᠳᠤᠭᠤᠯᠤᠨ ᠲᠥᠯᠥᠪᠯᠡᠭᠡ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠵᠢᠷᠤᠭ ᠡᠯᠭᠦᠨ ᠪᠠᠶᠢᠯᠳᠤᠬᠤ ᠶᠢ ᠬᠡᠷᠡᠭᠵᠢᠭᠦᠯᠦᠨ᠂ ᠲᠦᠷᠦᠭᠦᠯᠡᠨ ᠬᠢᠬᠦ ᠨᠢᠭᠡᠴᠡ ᠨᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠡᠯ᠎ᠡ ᠵᠦᠢᠯ ᠤᠨ ᠠᠵᠢᠯ ᠢᠶᠠᠨ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ᠃ ᠰᠢᠶᠠᠨ ᠤ ᠵᠠᠰᠠᠭ ᠤᠨ ᠣᠷᠳᠣᠨ ᠲᠣᠭᠲᠠᠮᠠᠯ ᠪᠤᠰᠤ ᠴᠠᠭ ᠲᠤ ᠡᠯ᠎ᠡ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠪᠠ ᠵᠠᠷᠯᠠᠨ ᠮᠡᠳᠡᠭᠳᠡᠨ᠎ᠡ᠃ ᠠᠵᠢᠯ ᠢᠶᠠᠨ ᠠᠬᠢᠭᠤᠯᠤᠭᠰᠠᠨ ᠢᠶᠠᠷ ᠬᠦᠴᠦᠲᠡᠢ᠂ ᠦᠷ᠎ᠡ ᠪᠦᠲᠦᠮᠵᠢ ᠪᠠᠷ ᠢᠯᠡᠷᠬᠡᠢ ᠨᠢᠭᠡᠴᠢ ᠶᠢ ᠰᠠᠶᠢᠰᠢᠶᠠᠵᠤ᠂ ᠠᠵᠢᠯ ᠢ ᠠᠬᠢᠭᠤᠯᠤᠭᠰᠠᠨ ᠢᠶᠠᠷ ᠬᠦᠷᠦᠯᠴᠡᠬᠦ ᠦᠭᠡᠢ᠂ ᠠᠵᠢᠯᠯᠠᠭ᠎ᠠ ᠨᠢ ᠬᠤᠴᠣᠷᠤᠩᠭᠤᠢ ᠨᠢᠭᠡᠴᠢ ᠶᠢ ᠵᠠᠷᠯᠠᠨ ᠰᠢᠭᠦᠮᠵᠢᠯᠡᠵᠦ᠂ ᠵᠠᠩᠭᠢᠯᠠᠭ᠎ᠠ ᠶᠢᠨ ᠭᠤᠭᠴᠤᠭ᠎ᠠ᠂ ᠭᠤᠣᠯᠳᠠᠯᠭ᠎ᠠ ᠲᠠᠢ ᠠᠵᠢᠯ᠂ ᠴᠢᠬᠤᠯᠠ ᠱᠠᠲᠤᠨ ᠳᠤ ᠬᠦᠨᠳᠦ ᠶᠡᠭᠡ ᠠᠯᠳᠠᠰᠢ ᠭᠠᠷᠭᠠᠭᠰᠠᠨ ᠪᠠᠶᠢᠪᠠᠯ ᠬᠤᠯᠪᠣᠭᠳᠠᠯ ᠪᠦᠬᠦᠢ ᠨᠢᠭᠡᠴᠢ ᠪᠠ ᠠᠵᠢᠯᠳᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃       ︵ᠲᠦᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠬᠠᠭᠤᠯᠤᠨ ᠳᠠᠶᠢᠴᠢᠯᠠᠬᠤ ᠠᠵᠢᠯ ᠢ ᠭᠦᠨᠵᠡᠭᠡᠶ ᠥᠷᠨᠢᠭᠦᠯᠵᠦ᠂ ᠥᠷᠭᠡᠨ ᠣᠯᠠᠨ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠤᠶᠢᠯᠠᠭᠠᠨ ᠳᠡᠮᠵᠢᠵᠦ᠂ ᠢᠳᠡᠪᠬᠢᠲᠡᠶ ᠣᠷᠣᠯᠴᠠᠭᠤᠯᠵᠤ᠂ ᠪᠥᠬᠦ ᠰᠢᠶᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠵᠠᠭᠤᠴᠢᠯᠠᠭᠤᠷ ᠤᠨ ᠤᠬᠠᠭᠤᠯᠭ᠎ᠠ ᠬᠢᠨᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号