ᠬᠠᠶᠢᠷᠠᠲᠤ ᠵᠢᠭᠤᠯᠴᠢᠨ ᠨᠠᠶᠢᠵᠠ ᠨᠠᠷ ᠡ᠄ | ᠲᠠ ᠪᠦᠬᠦᠨ ᠰᠠᠶᠢᠨ ᠤᠤ︖ ᠵᠤᠨ ᠤ ᠠᠮᠠᠷᠠᠯᠲᠠ ᠪᠠᠷ ᠲᠠ ᠳᠤᠮᠳᠠᠳᠤ ᠤᠯᠤᠰ ᠤᠨ ᠠᠰ ᠬᠤᠶᠢᠲᠤ ᠬᠤᠲᠠᠨ | ᠨᠤᠲᠤᠭ ᠭᠦᠢᠶᠠᠩ ᠰᠢᠶᠠᠨ ᠳᠤ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠠᠳᠡ ᠳᠡᠯᠡᠬᠡᠢ ᠶᠢᠨ ᠨᠢᠭᠡᠳᠦᠭᠡᠷ | ᠥᠨᠳᠥᠷ ᠬᠤᠷᠳᠤᠴᠠᠲᠤ ᠵᠠᠰᠠᠮᠠᠯ ᠵᠠᠮ ᠤᠨ ︽ᠴᠢᠨ ᠤᠯᠤᠰ ᠤᠨ ᠰᠢᠭᠤᠳ ᠵᠠᠮ︾ ᠤᠨ ᠡᠴᠦᠰ ᠤᠨ ᠴᠡᠭ | ᠪᠠᠶᠢᠬᠤ ᠪᠠᠷ ᠪᠠᠷᠠᠬᠤ ᠦᠭᠡᠢ᠂ ᠪᠠᠰᠠ ᠳᠡᠯᠡᠬᠡᠢ ᠶᠢᠨ ᠲᠡᠦᠬᠡ ᠰᠣᠶᠣᠯ ᠤᠨ ᠥᠪ ᠪᠣᠯᠬᠤ ᠴᠢᠨ ᠤᠯᠤᠰ ᠤᠨ ᠤᠷᠲᠤ | ᠴᠠᠭᠠᠨ ᠬᠡᠷᠡᠮ ᠪᠠᠶᠢᠨ᠎ᠠ᠃ ᠠᠳᠡ ᠪᠠᠰᠠ ᠥᠪᠥᠷ ᠮᠣᠩᠭᠤᠯ ᠤᠨ ᠬᠠᠮᠤᠭ ᠤᠨ ᠲᠣᠮᠣ ᠥᠨᠳᠥᠷ ᠠᠭᠤᠯᠠᠨ ᠤ ᠲᠠᠯ᠎ᠠ | ᠨᠤᠲᠤᠭ - ᠴᠦᠨ ᠺᠦᠨ ᠱᠠᠨ ᠠᠭᠤᠯᠠ᠂ ᠨᠡᠩ ᠴᠤ ᠲᠦᠮᠡᠨ ᠮᠦ ᠴᠠᠭᠠᠨ ᠬᠤᠰᠤᠨ ᠣᠢ ᠰᠦᠷᠯᠢᠭ ᠰᠠᠶᠢᠬᠠᠨ - | ᠮᠠ ᠠᠨ ᠱᠠᠨ ᠠᠭᠤᠯᠠ ᠵᠡᠷᠭᠡ ᠪᠠᠶᠢᠨ᠎ᠠ᠃ ᠲᠠ ᠯᠠᠪᠲᠠᠢ ᠠᠭᠤᠯᠠ ᠤᠰᠤᠨ ᠤ ᠳᠤᠮᠳᠠ ᠨᠡᠩ ᠭᠤᠶᠣ ᠦᠵᠡᠮᠵᠢ ᠶᠢ | ᠰᠣᠨᠢᠷᠬᠠᠵᠤ ᠴᠢᠳᠠᠨ᠎ᠠ᠃ ᠭᠠᠳᠠᠭᠰᠢ ᠭᠠᠷᠴᠤ ᠵᠢᠭᠤᠯᠴᠢᠯᠠᠬᠤ ᠨᠢ ᠵᠢᠭᠤᠯᠴᠢᠯᠠᠯ ᠤᠨ ᠰᠠᠶᠢᠨ ᠣᠶᠢᠯᠠᠭᠠᠯᠲᠠ ᠲᠠᠢ | ᠪᠠᠶᠢᠬᠤ ᠶᠢᠨ ᠲᠥᠯᠥᠭᠡ ᠶᠤᠮ᠃ ᠭᠦᠶᠡᠩ ᠤᠨ ᠵᠤᠭᠠᠴᠠᠯ ᠢᠶᠠᠨ ᠪᠠᠶᠠᠷ ᠪᠠᠶᠠᠰᠬᠤᠯᠠᠩ ᠲᠠᠢ ᠪᠠᠷ ᠰᠡᠷᠭᠦᠭᠡᠬᠦ ᠶᠢᠨ | ᠲᠥᠯᠥᠭᠡ ᠭᠦᠶᠡᠩ ᠤᠨ ᠰᠣᠶᠣᠯ ᠵᠢᠭᠤᠯᠴᠢᠯᠠᠯ ᠠᠳᠡ ᠲᠠᠨ ᠳᠤ ᠨᠢᠭᠡ ᠪᠦᠯᠦᠭ ᠬᠠᠯᠠᠭᠤᠨ ᠳᠣᠲᠣᠨᠣ ᠰᠠᠨᠠᠭᠤᠯᠤᠮᠵᠢ | ᠳᠡᠪᠰᠢᠭᠦᠯᠦᠶ᠎ᠡ᠄ | ᠨᠢᠭᠡ᠂ ᠡᠷᠡᠭᠦᠯ ᠮᠡᠨᠳᠦ ᠶᠢᠨ ᠵᠢᠭᠤᠯᠴᠢᠯᠠᠯ᠃ ᠦᠵᠡᠮᠵᠢ ᠶᠢᠨ ᠣᠷᠣᠨ ᠤ ᠲᠤᠭ᠎ᠠ ᠬᠡᠮᠵᠢᠶ᠎ᠡ ᠶᠢ ᠬᠢᠵᠠᠭᠠᠷᠯᠠᠬᠤ᠂ | ᠪᠣᠯᠵᠣᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠬᠦ ᠱᠠᠭᠠᠷᠳᠠᠯᠭ᠎ᠠ ᠶᠢ ᠤᠷᠢᠳᠴᠢᠯᠠᠨ ᠣᠶᠢᠯᠠᠭᠠᠵᠤ᠂ | ᠵᠢᠭᠤᠯᠴᠢᠯᠠᠯ ᠤᠨ ᠵᠠᠮ ᠱᠤᠭᠤᠮ ᠪᠠ ᠴᠠᠭ ᠢ ᠵᠦᠢ ᠵᠣᠬᠢᠰᠲᠠᠢ ᠲᠥᠯᠥᠪᠵᠢᠭᠦᠯᠦᠨ᠎ᠡ᠃ ᠵᠢᠭᠤᠯᠴᠢᠯᠠᠯ ᠤᠨ ᠳᠤᠮᠳᠠ | ᠥᠪᠡᠷ ᠤᠨ ᠡᠷᠡᠭᠦᠯ ᠮᠡᠨᠳᠦ ᠪᠠᠨ ᠰᠠᠶᠢᠲᠤᠷ ᠬᠠᠮᠠᠭᠠᠯᠠᠵᠤ᠂ ᠭᠠᠷ ᠢᠶᠠᠨ ᠰᠠᠶᠢᠲᠤᠷ ᠤᠬᠢᠶᠠᠵᠤ᠂ ᠠᠷᠢᠭᠤᠳᠬᠠᠵᠤ᠂ | ᠠᠮᠤᠷ ᠲᠦᠪᠰᠢᠨ ᠤ ᠵᠠᠢ ᠶᠢ ᠪᠠᠲᠤᠯᠠᠵᠤ᠂ ᠣᠪᠣᠭᠠᠷᠠᠬᠤ ᠦᠭᠡᠢ᠂ ᠰᠢᠬᠠᠯᠳᠤᠬᠤ ᠦᠭᠡᠢ ᠪᠠᠶᠢᠬᠤ ᠬᠡᠷᠡᠭᠲᠡᠢ᠃ | ᠬᠤᠶᠠᠷ᠂ ᠠᠮᠤᠷ ᠲᠦᠪᠰᠢᠨ ᠢᠶᠠᠷ ᠵᠢᠭᠤᠯᠴᠢᠯᠠᠬᠤ᠃ 1. ᠣᠶᠢᠷ᠎ᠠ ᠶᠢᠨ ᠬᠤᠭᠤᠴᠠᠭᠠᠨ ᠳᠤ ᠰᠢᠶᠠᠨ ᠤ | ᠳᠣᠲᠣᠷᠠᠬᠢ ᠬᠡᠰᠡᠭ ᠭᠠᠵᠠᠷ ᠣᠷᠣᠨ ᠳᠤ ᠥᠨᠳᠥᠷ ᠳᠤᠯᠠᠭᠠᠨ᠂ ᠰᠢᠷᠦᠭᠦᠨ ᠪᠣᠷᠣᠭᠠᠨ ᠵᠡᠷᠭᠡ ᠣᠨᠴᠠᠭᠠᠢ ᠴᠠᠭ | ᠠᠭᠤᠷ ᠢᠯᠡᠷᠡᠵᠡᠢ᠂ ᠵᠣᠷᠢᠭᠰᠠᠨ ᠭᠠᠵᠠᠷ ᠵᠢᠴᠢ ᠵᠠᠮ ᠳᠠᠭᠠᠤ ᠴᠠᠭ ᠠᠭᠤᠷ ᠤᠨ ᠪᠠᠶᠢᠳᠠᠯ ᠢ ᠨᠢᠭᠲᠠ ᠠᠩᠬᠠᠷᠴᠤ᠂ | ᠲᠧᠯᠸᠢᠰ ᠤᠨ ᠰᠣᠨᠢᠨ ᠮᠡᠳᠡᠭᠡ᠂ ᠬᠠᠷᠠᠭᠠᠨ ᠳᠠᠪᠲᠠᠮᠵᠢ ᠶᠢᠨ ᠨᠣᠮᠧᠷ᠂ ᠲᠢᠭ ᠲᠤᠭ᠂ ᠬᠤᠷᠳᠤᠨ ᠭᠠᠷ᠂ ᠸᠧᠢ ᠪᠦᠸᠧ | ᠪᠣᠯᠤᠨ ᠥᠨᠥᠳᠦᠷ ᠤᠨ ᠲᠡᠷᠢᠭᠦᠨ ᠵᠤᠷᠪᠤᠰ ᠵᠡᠷᠭᠡ ᠲᠠᠪᠴᠠᠩ ᠢᠶᠠᠷ ᠳᠠᠮᠵᠢᠭᠤᠯᠤᠨ ᠴᠠᠭ ᠠᠭᠤᠷ ᠤᠨ ᠭᠠᠮᠰᠢᠭ ᠢ | ᠰᠡᠷᠡᠮᠵᠢᠯᠡᠭᠦᠯᠬᠦ ᠮᠡᠳᠡᠭᠡ ᠵᠠᠩᠭᠢ ᠪᠣᠯᠤᠨ ᠠᠶᠤᠯ ᠲᠦᠭᠰᠢᠭᠦᠷᠢ ᠶᠢᠨ ᠰᠠᠨᠠᠭᠤᠯᠤᠮᠵᠢ ᠶᠢ ᠴᠠᠭ ᠲᠤᠬᠠᠢ ᠳᠤᠨᠢ | ᠲᠣᠬᠢᠷᠠᠭᠤᠯᠬᠤ ᠬᠡᠷᠡᠭᠲᠡᠢ᠃ ᠠᠭᠤᠯᠠᠷᠬᠠᠭ ᠣᠷᠣᠨ᠂ ᠭᠤᠣᠯ ᠤᠨ ᠬᠥᠨᠳᠡᠢ ᠵᠡᠷᠭᠡ ᠣᠷᠣᠨ ᠪᠦᠰᠡ ᠳᠠᠬᠢ | ᠵᠢᠭᠤᠯᠴᠢᠯᠠᠯ ᠤᠨ ᠠᠵᠢᠯᠯᠠᠭ᠎ᠠ ᠨᠢ ᠠᠭᠤᠯᠠ ᠶᠡᠭᠦᠷᠡᠬᠦ᠂ ᠴᠢᠯᠠᠭᠤ ᠤᠨᠠᠬᠤ᠂ ᠰᠢᠪᠠᠷ ᠴᠢᠯᠠᠭᠤᠨ ᠤ ᠤᠷᠤᠰᠬᠠᠯ᠂ | ᠠᠭᠤᠯᠠᠨ ᠦᠶᠡᠷ ᠡᠭᠦᠰᠬᠦ ᠵᠡᠷᠭᠡ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠠᠮᠤᠷ ᠲᠦᠪᠰᠢᠨ ᠤ ᠲᠦᠭᠰᠢᠭᠦᠷᠢ ᠶᠢ | ᠭᠤᠣᠯᠳᠠᠯᠭ᠎ᠠ ᠲᠠᠢ ᠰᠡᠷᠭᠡᠶᠢᠯᠡᠵᠦ᠂ ᠲᠤᠬᠠᠢ ᠶᠢᠨ ᠭᠠᠵᠠᠷ ᠤᠨ ᠬᠤᠯᠪᠣᠭᠳᠠᠯ ᠪᠦᠬᠦᠢ ᠠᠮᠤᠷ ᠲᠦᠪᠰᠢᠨ ᠤ | ᠰᠠᠨᠠᠭᠤᠯᠤᠮᠵᠢ ᠶᠢ ᠦᠨᠳᠦᠰᠦᠯᠡᠨ᠂ ᠴᠠᠭ ᠲᠤᠬᠠᠢ ᠳᠤᠨᠢ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ | ᠬᠡᠷᠡᠭᠲᠡᠢ᠃ 2. ᠭᠠᠯ ᠰᠡᠷᠭᠡᠶᠢᠯᠡᠬᠦ ᠲᠣᠭᠲᠠᠭᠠᠯ ᠢ ᠴᠢᠩᠭ᠎ᠠ ᠵᠢᠷᠤᠮᠯᠠᠵᠤ᠂ ᠨᠣᠴᠣᠮᠠᠲᠠᠭᠠᠢ ᠪᠣᠳᠠᠰ ᠲᠥᠪᠯᠡᠷᠡᠭᠰᠡᠨ | ᠭᠠᠵᠠᠷ ᠪᠤᠶᠤ ᠭᠠᠯ ᠰᠡᠷᠭᠡᠶᠢᠯᠡᠬᠦ ᠰᠠᠨᠠᠭᠤᠯᠤᠮᠵᠢ ᠲᠠᠢ ᠭᠠᠵᠠᠷ ᠲᠤ ᠲᠠᠮᠠᠬᠢ ᠲᠠᠲᠠᠬᠤ᠂ ᠰᠢᠷᠠᠬᠤ ᠪᠤᠶᠤ ᠢᠯᠡ ᠭᠠᠯ | ᠬᠡᠷᠡᠭᠯᠡᠬᠦ ᠦᠭᠡᠢ᠃ ᠦᠵᠡᠮᠵᠢ ᠶᠢᠨ ᠣᠷᠣᠨ᠂ ᠣᠯᠠᠨ ᠨᠡᠶᠢᠲᠡ ᠶᠢᠨ ᠰᠣᠶᠣᠯ ᠤᠨ ᠣᠷᠳᠣᠨ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠨᠢ ᠭᠠᠯ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠃ ᠵᠣᠴᠢᠳ ᠤᠨ ᠪᠠᠭᠤᠳᠠᠯ ᠳᠤ ᠣᠷᠣᠵᠤ | ᠰᠠᠭᠤᠬᠤ ᠳᠠᠭᠠᠨ ᠭᠠᠯ ᠤᠨᠲᠠᠷᠠᠭᠠᠬᠤ ᠲᠠᠷᠬᠠᠭᠠᠨ ᠶᠠᠪᠤᠭᠤᠯᠬᠤ ᠵᠠᠮ ᠢ ᠴᠠᠭ ᠲᠤᠬᠠᠢ ᠳᠤᠨᠢ ᠣᠶᠢᠯᠠᠭᠠᠬᠤ ᠬᠡᠷᠡᠭᠲᠡᠢ᠃ | ᠭᠤᠷᠪᠠ᠂ ᠪᠣᠯᠪᠠᠰᠤᠨ ᠢᠶᠠᠷ ᠵᠢᠭᠤᠯᠴᠢᠯᠠᠬᠤ᠃ ︽ᠳᠤᠮᠳᠠᠳᠤ ᠤᠯᠤᠰ ᠤᠨ ᠠᠷᠠᠳ ᠢᠷᠭᠡᠳ ᠤᠨ ᠤᠯᠤᠰ ᠤᠨ | ᠳᠣᠲᠣᠭᠠᠳᠤ ᠶᠢᠨ ᠵᠢᠭᠤᠯᠴᠢᠯᠠᠯ ᠤᠨ ᠪᠣᠯᠪᠠᠰᠤᠨ ᠤ ᠦᠢᠯᠡ ᠠᠵᠢᠯᠯᠠᠭ᠎ᠠ ᠶᠢᠨ ᠨᠡᠶᠢᠲᠡ ᠶᠢᠨ ᠭᠡᠷ᠎ᠡ︾ ᠶᠢ | ᠤᠬᠠᠮᠰᠠᠷ ᠠᠴᠠ ᠪᠠᠨ ᠵᠢᠷᠤᠮᠯᠠᠵᠤ᠂ ᠠᠮᠠᠪᠴᠢ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠵᠡᠭᠦᠵᠦ᠂ ᠬᠤᠭ ᠨᠣᠪᠰᠢ ᠶᠢ | ᠲᠥᠷᠥᠯ ᠬᠤᠪᠢᠶᠠᠬᠤ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠭᠠᠵᠠᠷ ᠪᠣᠯᠭᠠᠨ ᠳᠤ ᠨᠤᠯᠮᠤᠬᠤ ᠦᠭᠡᠢ | ᠂ ᠳᠤᠷ᠎ᠠ ᠪᠠᠷ ᠢᠶᠠᠨ ᠬᠠᠶᠠᠭᠳᠠᠮᠠᠯ ᠪᠣᠳᠠᠰ ᠬᠠᠶᠠᠬᠤ ᠦᠭᠡᠢ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠵᠤ | ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠲᠤ ᠪᠠᠷ ᠰᠠᠬᠢᠨ ᠬᠠᠮᠠᠭᠠᠯᠠᠨ᠎ᠠ᠃ ᠲᠠᠮᠠᠬᠢ ᠲᠠᠲᠠᠬᠤ ᠶᠢ | ᠴᠠᠭᠠᠵᠠᠯᠠᠬᠤ ᠲᠠᠯᠠᠪᠤᠷ ᠲᠤ ᠲᠠᠮᠠᠬᠢ ᠲᠠᠲᠠᠬᠤ ᠦᠭᠡᠢ᠂ ᠣᠯᠠᠨ ᠨᠡᠶᠢᠲᠡ ᠶᠢᠨ ᠲᠠᠯᠠᠪᠤᠷ ᠲᠤ ᠥᠨᠳᠥᠷ ᠳᠠᠭᠤᠨ ᠢᠶᠠᠷ | ᠦᠢᠮᠡᠯᠳᠦᠬᠦ ᠦᠭᠡᠢ᠂ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠵᠠᠯᠠᠷᠠᠭᠤᠯᠵᠤ᠂ ᠪᠣᠯᠪᠠᠰᠤᠨ ᠵᠢᠭᠤᠯᠴᠢᠯᠠᠯ ᠢ ᠨᠢᠭᠡ | ᠵᠦᠢᠯ ᠤᠨ ᠰᠢᠨ᠎ᠡ ᠬᠡᠪ ᠰᠤᠷᠲᠠᠯ ᠪᠣᠯᠭᠠᠨ᠎ᠠ᠃ ᠬᠤᠭᠤᠯᠠ ᠢᠳᠡᠬᠦ ᠳᠡᠭᠡᠨ ︽ᠬᠤᠭᠤᠰᠣᠨ ᠫᠠᠨᠰᠠ ᠶᠢᠨ ᠠᠵᠢᠯᠯᠠᠭ᠎ᠠ︾ | ᠶᠢ ᠢᠳᠡᠪᠬᠢᠲᠡᠢ ᠦᠢᠯᠡᠳᠦᠯᠭᠡᠵᠢᠭᠦᠯᠵᠦ᠂ ᠢᠳᠡᠭᠡᠨ ᠤᠮᠳᠠᠭᠠᠨ ᠤ ᠪᠦᠷᠢᠯᠭᠡᠬᠦ ᠶᠢ ᠡᠷᠡᠰ ᠬᠤᠷᠢᠭᠯᠠᠨ᠎ᠠ᠃ | ᠳᠥᠷᠪᠡ᠂ ᠤᠲᠠᠰᠤ ᠪᠠᠷ ᠬᠠᠪᠰᠤᠷᠤᠭᠴᠢ᠃ | ᠬᠡᠷᠪᠡ ᠲᠠ ᠠᠰᠠᠭᠤᠳᠠᠯ ᠲᠤᠯᠭᠠᠷᠠᠪᠠᠯ ᠭᠦᠶᠡᠩ ᠰᠢᠶᠠᠨ ᠤ ᠵᠢᠭᠤᠯᠴᠢᠯᠠᠯ ᠤᠨ ᠦᠢᠯᠡᠴᠢᠯᠡᠭᠡᠨ ᠤ ᠲᠥᠪ ᠤᠨ | ᠠᠰᠠᠭᠤᠨ ᠯᠠᠪᠯᠠᠬᠤ ᠤᠲᠠᠰᠤ ᠳᠤ ᠤᠲᠠᠰᠤ ᠠᠪᠣᠭᠠᠷᠠᠢ ᠄ 0472 - 8125880 | ᠠᠮᠤᠷ ᠲᠦᠪᠰᠢᠨ᠂ ᠪᠣᠯᠪᠠᠰᠤᠨ ᠪᠣᠯ ᠬᠠᠮᠤᠭ ᠤᠨ ᠭᠤᠶᠣ ᠠᠶᠠᠨ ᠵᠠᠮ ᠤᠨ ᠦᠵᠡᠮᠵᠢ ᠶᠢᠨ ᠱᠤᠭᠤᠮ ᠮᠥᠨ᠃ | | ᠪᠢᠳᠡ ᠭᠠᠷ ᠬᠤᠯᠪᠣᠯᠴᠠᠨ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠵᠢᠵᠢᠭ ᠰᠠᠵᠢᠭ ᠵᠦᠢᠯ ᠠᠴᠠ | ᠡᠬᠢᠯᠡᠨ ᠬᠢᠵᠦ᠂ ᠪᠣᠯᠪᠠᠰᠤᠨ ᠵᠤᠭᠠᠴᠠᠯ ᠤᠨ ᠦᠢᠯᠡᠳᠦᠯᠭᠡᠵᠢᠭᠦᠯᠦᠭᠴᠢ᠂ ᠤᠯᠠᠮᠵᠢᠯᠠᠭᠴᠢ᠂ ᠬᠦᠴᠦᠨ ᠨᠡᠮᠡᠷᠢᠯᠡᠬᠦ ᠪᠠᠷ | ᠴᠢᠷᠮᠠᠶᠢᠶ᠎ᠠ᠃ |