ᠠ ᠲᠠ ᠱᠠᠨ ᠤᠰᠤᠨ ᠴᠥᠭᠦᠷᠥᠮ
ᠨᠡᠶᠢᠲᠡᠯᠡᠭᠰᠡᠨ ᠴᠠᠭ᠄
2024/6/19
      ᠭᠦᠶᠡᠩ ᠰᠢᠶᠠᠨ ᠤ ᠠ ᠲᠠ ᠱᠠᠨ ᠴᠥᠭᠦᠷᠥᠮ ᠭᠦᠶᠡᠩ ᠰᠢᠶᠠᠨ ᠤ ᠬᠢᠯᠢ ᠳᠣᠲᠣᠷ᠎ᠠ ᠪᠠᠶᠢᠷᠢᠯᠠᠵᠤ ᠪᠠᠶᠢᠭ᠎ᠠ ᠬᠠᠲᠤᠨ ᠭᠤᠣᠯ ᠤᠨ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠤᠨ ᠬᠥᠨᠳᠡᠯᠡᠨ ᠭᠤᠣᠯ ᠤᠨ ᠳᠡᠭᠡᠳᠦ ᠳᠤᠮᠳᠠ ᠤᠷᠤᠰᠬᠠᠯ ᠤᠨ ᠬᠡᠰᠡᠭ ᠲᠤ ᠬᠠᠰᠢᠯᠭ᠎ᠠ ᠶᠢᠨ ᠪᠠᠭᠤᠷᠢ ᠨᠢ ᠰᠢᠶᠠᠨ ᠤ ᠬᠤᠲᠠ ᠶᠢᠨ ᠵᠢᠨᠱᠠᠨ ᠪᠠᠯᠭᠠᠰᠤ ᠠᠴᠠ ᠤᠮᠠᠷᠠᠰᠢ 4  ᠺᠢᠯᠣᠮᠧᠲᠷ ᠵᠠᠶᠢᠲᠠᠢ  ᠠ ᠲᠠ ᠱᠠᠨ ᠠᠭᠤᠯᠠ ᠶᠢᠨ ᠳᠣᠣᠷ᠎ᠠ ᠪᠠᠶᠢᠷᠢᠯᠠᠵᠤ᠂ ᠭᠠᠵᠠᠷ ᠰᠢᠨᠵᠢᠯᠡᠭᠡᠨ ᠤ ᠭᠠᠵᠠᠷ ᠤᠨ ᠪᠠᠶᠢᠴᠠ ᠨᠢ 838.4 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠵᠢᠯ ᠤᠨ ᠤᠷᠤᠰᠬᠠᠯ ᠤᠨ ᠬᠡᠮᠵᠢᠶ᠎ᠡ ᠨᠢ 1 286 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠳᠠᠭ᠃      ᠠ ᠲᠠ ᠱᠠᠨ ᠴᠥᠭᠦᠷᠥᠮ ᠤᠨ ᠦᠶᠡᠷ ᠤᠨ ᠪᠠᠷᠢᠮᠵᠢᠶ᠎ᠠ ᠶᠢ ᠵᠠᠭᠤᠨ ᠵᠢᠯ ᠳᠤ ᠨᠢᠭᠡ ᠲᠣᠬᠢᠶᠠᠯᠳᠤᠬᠤ ᠵᠢᠷᠤᠭ ᠲᠥᠯᠥᠪᠯᠡᠭᠡ ᠪᠠᠷ ᠲᠣᠭᠲᠠᠭᠠᠵᠤ᠂ ᠮᠢᠩᠭᠠᠨ ᠵᠢᠯ ᠳᠤ ᠨᠢᠭᠡ ᠲᠣᠬᠢᠶᠠᠯᠳᠤᠬᠤ ᠰᠤᠷᠭᠠᠭᠤᠯᠢ ᠶᠢᠨ ᠶᠡᠷᠦᠩᠬᠡᠢ ᠪᠠᠭᠲᠠᠭᠠᠮᠵᠢ ᠨᠢ 6 464 ᠲᠦᠮᠡᠨ ᠪᠣᠰᠤᠭ᠎ᠠ ᠳᠥᠷᠪᠡᠯᠵᠢᠨ ᠮᠧᠲᠷ᠂ ᠡᠭᠦᠨ ᠳᠤ ᠰᠢᠩ ᠯᠢ ᠴᠥᠭᠦᠷᠥᠮ ᠤᠨ ᠪᠠᠭᠲᠠᠭᠠᠮᠵᠢ ᠨᠢ 2 543 ᠲᠦᠮᠡᠨ ᠪᠣᠰᠤᠭ᠎ᠠ ᠳᠥᠷᠪᠡᠯᠵᠢᠨ ᠮᠧᠲᠷ᠂ ᠦᠶᠡᠷ ᠵᠠᠯᠠᠬᠤ ᠴᠥᠭᠦᠷᠥᠮ ᠤᠨ ᠪᠠᠭᠲᠠᠭᠠᠮᠵᠢ ᠨᠢ 3 627 ᠲᠦᠮᠡᠨ ᠪᠣᠰᠤᠭ᠎ᠠ ᠳᠥᠷᠪᠡᠯᠵᠢᠨ ᠮᠧᠲᠷ᠂ ᠠᠰᠢᠭᠯᠠᠵᠤ ᠪᠣᠯᠬᠤ ᠤᠰᠤᠨ ᠤ ᠬᠡᠮᠵᠢᠶ᠎ᠡ ᠨᠢ 294 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠳᠠᠭ᠃ ᠭᠤᠣᠯ ᠬᠠᠰᠢᠯᠭ᠎ᠠ᠂ ᠦᠶᠡᠷ ᠵᠠᠯᠠᠬᠤ ᠪᠠ ᠡᠯᠡᠰᠦ ᠤᠷᠤᠰᠬᠠᠬᠤ ᠨᠦᠬᠡ᠂ ᠤᠰᠤ ᠳᠠᠮᠵᠢᠭᠤᠯᠬᠤ ᠨᠦᠬᠡ᠂ ᠦᠶᠡᠷ ᠤᠨ ᠰᠤᠪᠠᠭ᠂ ᠳᠡᠳ᠋ ᠬᠠᠰᠢᠯᠭ᠎ᠠ ᠵᠡᠷᠭᠡ ᠲᠠᠪᠤᠨ ᠬᠡᠰᠡᠭ ᠢᠶᠠᠷ ᠪᠦᠷᠢᠯᠳᠦᠵᠦ᠂ ᠭᠤᠣᠯ ᠬᠠᠰᠢᠯᠭ᠎ᠠ ᠶᠢᠨ ᠥᠨᠳᠥᠷ ᠨᠢ 40 ᠮᠧᠲᠷ᠂ ᠬᠠᠰᠢᠯᠭ᠎ᠠ ᠶᠢᠨ ᠣᠷᠣᠢ ᠶᠢᠨ ᠤᠷᠲᠤ ᠨᠢ 300 ᠮᠧᠲᠷ᠂ ᠳᠡᠳ᠋ ᠬᠠᠰᠢᠯᠭ᠎ᠠ ᠶᠢᠨ ᠥᠨᠳᠥᠷ ᠨᠢ 13 ᠮᠧᠲᠷ᠂ ᠬᠠᠰᠢᠯᠭ᠎ᠠ ᠶᠢᠨ ᠤᠷᠲᠤ ᠨᠢ 959 ᠮᠧᠲᠷ ᠪᠠᠶᠢᠳᠠᠭ᠃
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号