ᠭᠦᠶᠡᠩ - ᠰᠢᠩ ᠱᠦᠨ ᠰᠢ ᠪᠠᠯᠭᠠᠰᠤᠨ ᠤ ᠤᠯᠠᠭᠠᠨ ᠲᠣᠰᠣᠨ ᠡᠰᠢ
ᠨᠡᠶᠢᠲᠡᠯᠡᠭᠰᠡᠨ ᠴᠠᠭ᠄
2024/6/19
      ᠤᠯᠠᠭᠠᠨ ᠲᠣᠰᠣᠨ ᠡᠰᠢ ᠶᠢ ᠭᠦᠶᠡᠩ ᠰᠢᠶᠠᠨ ᠤ ᠬᠤᠲᠠᠨ ᠠᠴᠠ ᠤᠮᠠᠷᠠᠰᠢ ᠨᠡᠶᠢᠲᠡ ᠭᠤᠴᠢᠨ ᠺᠢᠯᠣᠮᠧᠲᠷ ᠵᠠᠶᠢᠲᠠᠢ ᠪᠠᠶᠢᠵᠤ᠂ ᠰᠢᠩ ᠱᠦᠨ ᠰᠢ ᠪᠠᠯᠭᠠᠰᠤᠨ ᠳᠤ ᠬᠠᠷᠢᠶᠠᠯᠠᠭᠤᠯᠪᠠ᠃ ᠲᠣᠰᠬᠤᠨ ᠨᠢ ᠠᠭᠤᠵᠢᠮ ᠰᠠᠷᠠᠭᠤᠯᠬᠠᠨ ᠭᠠᠵᠠᠷ ᠲᠤ ᠪᠠᠶᠢᠷᠢᠯᠠᠵᠤ᠂ ᠵᠡᠭᠦᠨ ᠠᠴᠠ ᠪᠠᠷᠠᠭᠤᠨᠰᠢ ᠨᠢᠭᠡ ᠦᠰᠦᠭ ᠵᠢᠷᠤᠵᠤ ᠰᠠᠯᠭᠠᠨ᠂ ᠬᠤᠶᠢᠰᠢ ᠪᠠᠨ ᠡᠮᠦᠨᠡᠰᠢ ᠰᠠᠭᠤᠯᠴᠠᠨ᠎ᠠ᠃ ᠠᠯᠤᠰ ᠢ ᠪᠠᠷᠠᠭᠠᠯᠠᠪᠠᠯ᠂ ᠡᠷᠭᠢᠨ ᠲᠣᠭᠤᠷᠢᠨ ᠤ ᠭᠠᠵᠠᠷ ᠤᠨ ᠪᠠᠶᠢᠳᠠᠯ ᠲᠡᠷᠢ ᠲᠡᠭᠰᠢᠬᠡᠨ ᠪᠣᠯᠵᠣ᠂ ᠡᠮᠦᠨ᠎ᠡ ᠪᠠᠨ ᠬᠥᠪᠡᠭᠡ ᠬᠢᠵᠠᠭᠠᠷ ᠦᠭᠡᠢ ᠮᠣᠩᠭᠤᠯ ᠥᠨᠳᠦᠷᠯᠢᠭ ᠬᠠᠷᠠᠭᠳᠠᠳᠠᠭ᠃ ᠲᠣᠰᠬᠤᠨ ᠤ ᠠᠷᠠᠳ ᠤᠨ ᠪᠠᠷᠢᠭᠰᠠᠨ ᠸᠠᠭᠠᠷ ᠲᠣᠭᠤᠰᠬᠠᠨ ᠪᠠᠶᠢᠰᠢᠩ᠂  ᠰᠠᠯᠬᠢ ᠪᠣᠷᠣᠭᠠᠨ ᠳᠤ ᠳᠠᠭᠠᠷᠢᠭᠳᠠᠭᠰᠠᠨ  ᠤ ᠳᠠᠷᠠᠭ᠎ᠠ ᠣᠳᠣᠬᠠᠨ ᠳᠤ ᠨᠢᠭᠡᠨᠲᠡ ᠡᠪᠳᠡᠷᠬᠡᠢ ᠬᠡᠷᠡᠮ ᠪᠣᠯᠤᠭᠰᠠᠨ᠃ ᠵᠡᠭᠦᠨ ᠬᠤᠶᠢᠲᠤ ᠶᠢᠨ ᠶᠠᠫᠣᠨ ᠢ ᠡᠰᠡᠷᠭᠦᠴᠡᠬᠦ ᠳᠠᠶᠢᠨ ᠳᠤ ᠮᠣᠷᠳᠠᠭᠰᠠᠨ ᠮᠠ ᠵᠠᠨ ᠱᠠᠨ ᠤ ᠶᠡᠷᠦᠩᠬᠡᠢ ᠰᠧᠯᠢᠩ ᠪᠣᠯᠤᠨ ᠯᠢᠦ ᠬᠦᠢ ᠶᠢᠨ ᠲᠠᠪᠤᠳᠤᠭᠠᠷ ᠳ᠋ᠢᠸᠢᠽᠢ ᠶᠢᠨ ᠳᠠᠷᠤᠭ᠎ᠠ ᠨᠢ ᠲᠤᠰ ᠲᠤᠰ ᠡᠨᠡ ᠬᠤᠶᠠᠷ ᠶᠡᠭᠡ ᠬᠦᠷᠢᠶᠡᠨ ᠳᠤ ᠪᠠᠶᠢᠷᠢᠯᠠᠵᠤ᠂ ᠣᠳᠣ ᠶᠠᠫᠣᠨ ᠢ ᠡᠰᠡᠷᠭᠦᠴᠡᠬᠦ ᠳᠠᠶᠢᠨ ᠤ ᠪᠠᠭᠤᠷᠢ ᠪᠣᠯᠤᠭᠰᠠᠨ ᠪᠠᠶᠢᠨ᠎ᠠ᠃
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号