ᠰᠢᠶᠠᠨ ᠤ ᠬᠤᠲᠠ ᠠᠴᠠ ᠵᠡᠭᠦᠨᠰᠢ 45 ᠺᠢᠯᠣᠮᠧᠲᠷ ᠵᠠᠢ ᠲᠠᠢ ᠪᠠᠶᠢᠷᠢᠯᠠᠵᠤ ᠪᠤᠢ᠂ ᠳ᠋ᠠ ᠢᠩᠲᠦ ᠲᠣᠰᠬᠤᠨ ᠨᠢ | ᠶᠤᠸᠠᠨ ᠤᠯᠤᠰ ᠤᠨ ᠦᠶ᠎ᠡ ᠶᠢᠨ ᠪᠠᠭᠤᠷᠢ᠂ ᠨᠡᠯᠢᠶᠡᠳ ᠬᠦᠨᠳᠦ ᠨᠣᠴᠢᠲᠠᠢ ᠡᠪᠳᠡᠭᠳᠡᠪᠡ᠃ 1986 ᠣᠨ ᠳᠤ ᠪᠦᠬᠦ | ᠤᠯᠤᠰ ᠤᠨ ᠬᠤᠶᠠᠳᠤᠭᠠᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠳᠤ | ᠪᠦᠷᠢᠳᠬᠡᠭᠳᠡᠪᠡ᠃ ᠳ᠋ᠠ ᠢᠩᠳᠦ ᠲᠣᠰᠬᠤᠨ ᠪᠠᠶᠢᠭᠠᠯᠢ ᠶᠢᠨ ᠥᠩᠭᠡ ᠦᠵᠡᠮᠵᠢ ᠭᠤᠶᠣ ᠰᠠᠶᠢᠬᠠᠨ ᠶᠡᠭᠡ ᠣᠪᠣᠭ᠎ᠠ | ᠠᠭᠤᠯᠠᠨ ᠤ ᠪᠠᠯᠠᠷ ᠡᠷᠲᠡᠨ ᠤ ᠴᠠᠭᠠᠨ ᠬᠤᠰᠤᠨ ᠣᠢ ᠪᠣᠯᠤᠨ ᠳᠡᠭᠡᠷ᠎ᠡ ᠵᠠᠭᠤᠨ ᠤ ᠳᠠᠯᠠᠭᠠᠳ ᠣᠨ ᠳᠤ ᠬᠥᠮᠦᠨ ᠤ | ᠬᠦᠴᠦ ᠪᠠᠷ ᠲᠠᠷᠢᠭᠰᠠᠨ ᠨᠠᠷᠠᠰᠤᠨ ᠣᠢ ᠵᠢᠴᠢ ᠪᠦᠷᠢᠨ ᠪᠦᠲᠦᠨ ᠥᠨᠳᠥᠷ ᠠᠭᠤᠯᠠᠨ ᠤ ᠵᠦᠯᠭᠡᠨ ᠲᠠᠯ᠎ᠠ ᠶᠢ | ᠬᠠᠳᠠᠭᠠᠯᠠᠵᠤ ᠵᠤᠭᠠᠴᠠᠯ ᠤᠨ ᠦᠢᠯᠡᠰ ᠢ ᠬᠥᠭᠵᠢᠭᠦᠯᠬᠦ ᠶᠢᠨ ᠬᠠᠮᠲᠤ ︽ᠠᠷᠪᠠ ᠶᠢ ᠨᠡᠶᠢᠳᠡᠮ ᠪᠦᠷᠬᠦᠭᠦᠯᠬᠦ︾ ᠲᠠᠢ | ᠤᠶᠠᠯᠳᠤᠭᠤᠯᠵᠤ᠂ ᠵᠤᠭᠠᠴᠠᠭᠰᠠᠳ ᠢ ᠲᠣᠭᠤᠷᠢᠨ ᠦᠵᠡᠬᠦ ᠳᠤ ᠬᠠᠩᠭᠠᠵᠤ᠂ ᠲᠣᠰᠬᠤᠨ ᠤ ᠨᠡᠷ᠎ᠡ ᠶᠢ ᠦᠨᠳᠦᠰᠦᠯᠡᠨ | ᠲᠡᠭᠡᠷᠮ᠎ᠡ ᠲᠠᠢ ᠭᠠᠵᠠᠷ ᠪᠣᠯᠭᠠᠵᠤ᠂ ᠲᠣᠰᠬᠤᠨ ᠤ ᠢᠯᠡᠷᠡᠭᠦᠯᠦᠭᠰᠡᠨ ᠵᠠᠭᠤᠨ ᠴᠢᠯᠠᠭᠤᠨ ᠲᠡᠭᠡᠷᠮ᠎ᠡ ᠪᠠᠷ ᠠᠷᠠᠳ ᠤᠨ | ᠵᠠᠩ ᠦᠢᠯᠡ ᠶᠢᠨ ᠦᠵᠡᠭᠦᠯᠦᠯᠭᠡ ᠶᠢᠨ ᠪᠣᠳᠠᠰ ᠪᠣᠯᠭᠠᠨ ᠲᠥᠪᠯᠡᠷᠡᠭᠦᠯᠦᠨ ᠳᠡᠯᠭᠡᠨ ᠦᠵᠡᠭᠦᠯᠵᠦ᠂ 311 ᠮᠤᠵᠢ ᠶᠢᠨ | ᠵᠠᠮ ᠤᠨ ᠡᠮᠦᠨ᠎ᠡ 3000 ᠭᠠᠷᠤᠢ ᠮᠦ ᠲᠠᠷᠢᠶᠠᠨ ᠭᠠᠵᠠᠷ ᠲᠤ ᠲᠤᠯᠤᠭᠠᠨ ᠥᠩᠭᠡᠲᠦ ᠲᠠᠷᠢᠶᠠᠯᠠᠩ ᠤᠨ ᠦᠵᠡᠮᠵᠢ ᠶᠢᠨ | ᠪᠦᠰᠡ ᠲᠠᠷᠢᠵᠤ᠂ 311 ᠮᠤᠵᠢ ᠶᠢᠨ ᠵᠠᠮ ᠤᠨ ᠬᠤᠶᠢᠲᠤ ᠲᠠᠯ᠎ᠠ ᠳᠤ 1000 ᠭᠠᠷᠤᠢ ᠮᠦ ᠨᠠᠷᠠᠨ ᠬᠤᠸᠠᠷ ᠤᠨ | ᠦᠵᠡᠮᠵᠢ ᠶᠢᠨ ᠪᠦᠰᠡ ᠲᠠᠷᠢᠵᠠᠢ᠃ |