ᠴᠢᠩ ᠦᠨᠡᠨᠴᠢ ᠰᠡᠳᠬᠢᠯᠭᠡ ᠪᠠᠷ ᠰᠤᠷᠤᠭᠴᠢᠳ ᠢ ᠬᠠᠪᠰᠤᠷᠬᠤ᠂ ᠭᠦᠨ ᠵᠤᠵᠠᠭᠠᠨ ᠬᠠᠶᠢᠷ᠎ᠠ ᠰᠡᠳᠬᠢᠯᠭᠡ ᠨᠢ | ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃ 6 ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠣᠷᠣᠨ | ᠪᠦᠰᠡ ᠶᠢᠨ ᠶᠢᠰᠦᠳᠦᠭᠡᠷ ᠬᠤᠭᠤᠴᠠᠭᠠᠨ ᠤ ︽ᠬᠠᠪᠤᠷ ᠤᠨ ᠴᠣᠮᠣᠷᠯᠢᠭ ᠢᠶᠠᠷ ᠰᠤᠷᠤᠯᠭ᠎ᠠ ᠶᠢ ᠲᠡᠳᠬᠦᠬᠦ · ᠣᠣ ᠳ᠋ᠢᠩ | ᠬᠦᠰᠡᠯ ᠵᠡᠭᠦᠳᠦ ᠪᠠᠨ ᠲᠡᠷᠭᠡᠯᠰᠢᠭᠦᠯᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠪᠡᠯᠡᠭᠯᠡᠨ ᠬᠦᠷᠭᠡᠬᠦ | ᠶᠣᠰᠣᠯᠠᠯ ᠭᠦᠶᠡᠩ ᠰᠢᠶᠠᠨ ᠳᠤ ᠶᠠᠪᠤᠭᠳᠠᠪᠠ᠃ | ᠤᠣ ᠳ᠋ᠢᠩ ᠡᠷᠡᠭᠦᠯ ᠮᠡᠨᠳᠦ ᠶᠢᠨ ᠠᠵᠤ ᠦᠢᠯᠡᠰ ᠤᠨ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠫᠦ᠋ ᠴᠢᠶᠠᠨ | ᠴᠢᠶᠠᠨ ᠵᠣᠭᠤᠰ ᠤᠨ ᠪᠠᠷᠢᠮᠲᠠ ᠪᠡᠯᠡᠭᠯᠡᠨ ᠬᠦᠷᠭᠡᠭᠰᠡᠨ ᠪᠥᠭᠡᠳ ᠶᠠᠷᠢᠶ᠎ᠠ ᠲᠠᠯᠪᠢᠵᠤ᠂ ᠪᠤᠭᠤᠲᠤ ᠬᠤᠲᠠ ᠶᠢᠨ | ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠣᠣ ᠵᠢᠦᠸᠠᠨ | ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠱᠢ ᠮᠢᠩ ᠠᠵᠢᠯᠯᠠᠭ᠎ᠠ ᠳᠤ ᠣᠷᠣᠯᠴᠠᠭᠰᠠᠨ ᠪᠥᠭᠡᠳ | ᠪᠠᠶᠠᠷ ᠤᠨ ᠦᠭᠡ ᠬᠡᠯᠡᠵᠦ᠂ ᠤᠣ ᠳ᠋ᠢᠩ ᠡᠷᠡᠭᠦᠯ ᠮᠡᠨᠳᠦ ᠶᠢᠨ ᠠᠵᠤ ᠦᠢᠯᠡᠰ ᠤᠨ ᠪᠦᠯᠦᠭᠯᠡᠯ ᠤᠨ ᠥᠪᠥᠷ | ᠮᠣᠩᠭᠤᠯ ᠳᠠᠬᠢ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ ᠭᠦᠩ ᡁᠢ ᠴᠢᠶᠠᠩ᠂ ᠪᠤᠭᠤᠲᠤ ᠬᠤᠲᠠ ᠶᠢᠨ | ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ ᠳ᠋ᠠᠢ ᠰᠢᠶᠣᠤ ᠯᠧᠢ᠂ ᠭᠦᠶᠡᠩ ᠰᠢᠶᠠᠨ ᠤ | ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠯᠢ ᠷᠦᠢ᠂ ᠭᠦᠶᠡᠩ ᠪᠦᠯᠦᠭᠯᠡᠯ ᠤᠨ ᠡᠯ᠎ᠡ ᠬᠠᠮᠢᠶ᠎ᠠ ᠪᠦᠬᠦᠢ | ᠬᠥᠮᠦᠰ᠂ ᠤᠣ ᠳ᠋ᠢᠩ ᠪᠦᠯᠦᠭᠯᠡᠯ ᠤᠨ ᠡᠯ᠎ᠡ ᠣᠷᠣᠨ ᠪᠦᠰᠡ ᠶᠢᠨ ᠳᠠᠭᠠᠭᠠᠮᠠᠯ ᠠᠵᠢᠯᠯᠠᠭ᠎ᠠ ᠳᠤ ᠣᠷᠣᠯᠴᠠᠵᠤ᠂ | ᠲᠤᠰᠠᠯᠠᠮᠵᠢ ᠬᠦᠷᠲᠡᠭᠰᠡᠨ ᠰᠤᠷᠤᠭᠴᠢ᠂ ᠭᠡᠷ ᠤᠨ ᠠᠬᠠᠮᠠᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠤ᠂ | ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠵᠣᠣ ᠵᠢᠩ ᠵᠢᠩ ᠠᠵᠢᠯᠯᠠᠭ᠎ᠠ ᠶᠢ ᠡᠷᠬᠢᠯᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠫᠦ᠋ ᠴᠢᠶᠠᠨ ᠴᠢᠶᠠᠨ᠂ ᠭᠦᠩ ᡁᠢ ᠴᠢᠶᠠᠩ ᠤᠣ ᠳ᠋ᠢᠩ ᠡᠷᠡᠭᠦᠯ | ᠮᠡᠨᠳᠦ ᠶᠢᠨ ᠠᠵᠤ ᠦᠢᠯᠡᠰ ᠤᠨ ᠪᠦᠯᠦᠭᠯᠡᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ 29 ᠬᠠᠶᠢᠷ᠎ᠠ | ᠬᠠᠯᠠᠮᠵᠢ ᠶᠢᠨ ᠬᠥᠮᠦᠰ ᠢ ᠳᠠᠭᠠᠭᠤᠯᠤᠨ ᠭᠦᠶᠡᠩ ᠰᠢᠶᠠᠨ ᠤ ᠲᠤᠰᠠᠯᠠᠮᠵᠢ ᠬᠦᠷᠲᠡᠬᠦ ᠨᠥᠬᠦᠴᠡᠯ ᠳᠤ ᠨᠡᠶᠢᠴᠡᠭᠰᠡᠨ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠬᠠᠨᠳᠢᠪᠯᠠᠬᠤ ᠶᠢᠨ | ᠬᠠᠮᠲᠤ ︽ᠡᠪᠡᠳᠴᠢᠨ ᠠᠴᠠ ᠪᠣᠯᠵᠤ ᠶᠠᠳᠠᠭᠤᠷᠠᠵᠤ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ︾ ᠭᠡᠷ | ᠪᠦᠯᠢ ᠳᠤ ᠡᠷᠡᠭᠦᠯ ᠮᠡᠨᠳᠦ ᠶᠢᠨ ᠦᠢᠯᠡᠳᠬᠦᠨ ᠬᠠᠩᠭᠠᠵᠤ᠂ ᠭᠡᠷ ᠪᠦᠯᠢ ᠶᠢᠨ ᠪᠦᠷᠢᠯᠳᠦᠬᠦᠨ ᠢ ᠬᠠᠪᠰᠤᠷᠤᠨ ᠡᠷᠡᠭᠦᠯ | ᠴᠢᠭᠢᠷᠠᠭ ᠪᠠᠶᠠᠷ ᠪᠠᠶᠠᠰᠬᠤᠯᠠᠩ ᠲᠠᠢ ᠥᠰᠦᠨ ᠪᠤᠶᠢᠵᠢᠬᠤ ᠣᠷᠴᠢᠨ ᠲᠣᠭᠤᠷᠢᠨ ᠢ ᠬᠠᠩᠭᠠᠪᠠ᠃ ᠯᠢᠦ ᠱᠢ ᠮᠢᠩ᠂ | ᠲᠤᠰ ᠤᠳᠠᠭᠠᠨ ᠤ ᠠᠵᠢᠯᠯᠠᠭ᠎ᠠ ᠨᠢ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠳᠠᠮᠵᠢᠭᠤᠯᠵᠤ᠂ | ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠢ ᠨᠢᠭᠲᠠᠷᠠᠭᠤᠯᠵᠤ᠂ ᠶᠠᠳᠠᠭᠤ | ᠬᠦᠴᠢᠷᠳᠡᠯᠲᠡᠢ ᠰᠤᠷᠤᠭᠴᠢᠳ ᠤᠨ ᠢᠷᠡᠭᠡᠳᠦᠢ ᠪᠠ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ ᠭᠡᠵᠦ᠍ | ᠴᠢᠬᠣᠯᠴᠢᠯᠠᠵᠠᠢ᠃ | ᠤᠣ ᠳ᠋ᠢᠩ ᠡᠷᠡᠭᠦᠯ ᠮᠡᠨᠳᠦ ᠶᠢᠨ ᠠᠵᠤ ᠦᠢᠯᠡᠰ ᠤᠨ ᠪᠦᠯᠦᠭᠯᠡᠯ ᠵᠠᠯᠭᠠᠪᠠᠷ ᠶᠢᠰᠦᠨ ᠵᠢᠯ ᠮᠠᠨ ᠤ ᠰᠢᠶᠠᠨ ᠤ | ᠶᠠᠳᠠᠭᠤ ᠬᠦᠴᠢᠷᠳᠡᠯᠲᠡᠢ ᠭᠡᠷ ᠪᠦᠯᠢ ᠶᠢᠨ ᠬᠡᠦᠬᠡᠳ ᠲᠤ ᠪᠡᠯᠡ ᠮᠥᠩᠭᠦ ᠪᠠᠷ ᠰᠤᠷᠤᠯᠭ᠎ᠠ ᠶᠢ ᠲᠡᠳᠬᠦᠵᠦ᠂ ᠨᠡᠶᠢᠭᠡᠮ ᠤᠨ | ᠡᠯ᠎ᠡ ᠡᠲᠡᠭᠡᠳ ᠲᠤ ᠦᠯᠢᠭᠡᠷ ᠳᠠᠭᠤᠷᠢᠶᠠᠯ ᠪᠣᠯᠵᠤ᠂ ᠮᠠᠨ ᠤ ᠰᠢᠶᠠᠨ ᠤ ᠬᠦᠴᠢᠷᠳᠡᠯ ᠳᠤ ᠲᠤᠯᠭᠠᠷᠠᠭᠰᠠᠨ ᠭᠡᠷ ᠪᠦᠯᠢ | ᠪᠣᠯᠤᠨ ᠬᠡᠦᠬᠡᠳ ᠤᠳ ᠲᠤ ᠬᠠᠷᠠᠮ ᠦᠭᠡᠢ ᠵᠣᠷᠢᠭᠤᠯᠬᠤ᠂ ᠴᠢᠩ ᠦᠨᠡᠨᠴᠢ ᠪᠠᠷ ᠬᠠᠪᠰᠤᠷᠤᠯᠴᠠᠬᠤ ᠤᠯᠠᠮᠵᠢᠯᠠᠯᠲᠤ | ᠰᠠᠶᠢᠬᠠᠨ ᠰᠤᠷᠲᠠᠯ ᠢ ᠳᠠᠮᠵᠢᠭᠤᠯᠵᠤ ᠥᠭᠴᠡᠢ᠂ ᠲᠡᠭᠦᠨ ᠤ ᠵᠣᠷᠢᠭ ᠰᠠᠨᠠᠭ᠎ᠠ ᠨᠢ ᠴᠥᠮ ᠪᠢᠳᠡ ᠰᠤᠷᠤᠯᠴᠠᠭᠤᠰᠢᠲᠠᠢ | ᠪᠥᠭᠡᠳ ᠮᠠᠭᠲᠠᠨ ᠰᠠᠶᠢᠰᠢᠶᠠᠭᠤᠰᠢᠲᠠᠢ ᠶᠤᠮ᠃ ᠬᠠᠨᠳᠢᠪᠯᠠᠭᠳᠠᠭᠰᠠᠨ ᠰᠤᠷᠤᠭᠴᠢᠳ ᠡᠨᠡ ᠬᠦ ᠬᠠᠶᠢᠷ᠎ᠠ | ᠰᠡᠳᠬᠢᠯᠭᠡ ᠪᠠᠨ ᠨᠠᠨᠳᠢᠩᠨᠠᠵᠤ᠂ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠳᠤ ᠥᠭᠡᠳᠡᠯᠡᠨ ᠳᠠᠪᠰᠢᠬᠤ ᠪᠠᠷ | ᠬᠦᠴᠦᠯᠡᠨ ᠴᠢᠷᠮᠠᠶᠢᠬᠤ ᠬᠥᠳᠡᠯᠭᠡᠬᠦ ᠬᠦᠴᠦᠨ ᠪᠣᠯᠭᠠᠵᠤ᠂ ᠰᠥᠷᠭᠡᠦ ᠣᠷᠴᠢᠨ ᠤ ᠳᠤᠮᠳᠠ ᠡᠷᠡᠯᠬᠡᠭᠯᠡᠨ ᠤᠷᠤᠭᠰᠢᠯᠠᠵᠤ | ᠂ ᠠᠯᠤᠰ ᠬᠡᠳᠦ ᠶᠢᠨ ᠬᠦᠰᠡᠯᠡᠩ ᠢ ᠪᠣᠢ ᠪᠣᠯᠭᠠᠵᠤ᠂ ᠡᠷᠳᠡᠮ ᠮᠡᠳᠡᠯᠭᠡ ᠶᠢ ᠴᠢᠷᠮᠠᠶᠢᠨ ᠰᠤᠷᠤᠯᠴᠠᠵᠤ᠂ ᠴᠠᠭᠠᠷᠠᠭᠰᠠᠨ | ᠡᠷᠳᠡᠮ ᠴᠢᠳᠠᠪᠤᠷᠢ ᠶᠢ ᠡᠵᠡᠮᠰᠢᠵᠦ ᠤ᠂ ᠤᠯᠤᠰ ᠣᠷᠣᠨ ᠤ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ | ᠡᠷᠭᠦᠵᠦ᠂ ᠨᠡᠶᠢᠭᠡᠮ ᠤᠨ ᠬᠥᠭᠵᠢᠯᠲᠡ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠤᠲᠤᠭ ᠤᠰᠤᠨ ᠤ ᠪᠠᠨ | ᠬᠥᠭᠵᠢᠯ ᠴᠡᠴᠡᠭᠯᠡᠯ ᠳᠤ ᠢᠷᠠᠭᠤ ᠠᠯᠳᠠᠷ ᠣᠯᠭᠤᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠤᠣ ᠳ᠋ᠢᠩ ᠡᠷᠡᠭᠦᠯ ᠮᠡᠨᠳᠦ ᠶᠢᠨ ᠠᠵᠤ ᠦᠢᠯᠡᠰ ᠤᠨ ᠪᠦᠯᠦᠭᠯᠡᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ | ᠲᠤᠰ ᠤᠳᠠᠭᠠᠨ ᠤ ᠬᠠᠨᠳᠢᠪᠯᠠᠭᠰᠠᠨ ᠵᠢᠩᠬᠢᠨᠢ ᠠᠴᠢ ᠬᠤᠯᠪᠣᠭᠳᠠᠯ ᠪᠣᠯ ᠪᠣᠳᠠᠲᠤ ᠠᠵᠢᠯᠯᠠᠭ᠎ᠠ ᠪᠠᠷ ᠢᠶᠠᠨ ᠳᠠᠮᠵᠢᠭᠤᠯᠤᠨ | ᠲᠡᠭᠦᠨ ᠳᠤ ᠠᠰᠢᠭᠲᠠᠢ ᠰᠡᠳᠬᠢᠯᠭᠡ᠂ ᠨᠥᠬᠦᠷᠰᠡᠭ ᠰᠡᠳᠬᠢᠯᠭᠡ᠂ ᠬᠠᠷᠠᠮ ᠦᠭᠡᠢ ᠵᠣᠷᠢᠭᠤᠯᠬᠤ ᠰᠡᠳᠬᠢᠯ ᠢ | ᠳᠠᠮᠵᠢᠭᠤᠯᠵᠤ᠂ ᠶᠣᠰᠣ ᠮᠣᠷᠠᠯ ᠢ ᠡᠷᠬᠢᠮᠯᠡᠨ ᠥᠭᠡᠳᠡᠯᠡᠨ ᠳᠠᠪᠰᠢᠬᠤ ᠨᠢᠭᠦᠯᠡᠰᠦᠩᠭᠦᠢ ᠶᠢᠨ ᠰᠣᠶᠣᠯ ᠢ | ᠵᠤᠵᠠᠭᠠᠳᠬᠠᠬᠤ ᠶᠢᠨ ᠬᠠᠮᠲᠤ ᠨᠡᠩ ᠣᠯᠠᠨ ᠬᠥᠮᠦᠨ ᠢ ᠨᠥᠯᠥᠭᠡᠯᠡᠨ ᠨᠥᠯᠥᠭᠡᠯᠡᠵᠦ᠂ ᠥᠷᠭᠡᠨ ᠣᠯᠠᠨ ᠬᠠᠪᠤᠷ ᠤᠨ | ᠴᠣᠮᠣᠷᠯᠢᠭ ᠬᠡᠦᠬᠡᠨ ᠪᠠ ᠲᠡᠳᠡᠨ ᠤ ᠭᠡᠷ ᠪᠦᠯᠢ ᠶᠢᠨ ᠬᠦᠴᠢᠷ ᠵᠣᠰᠢᠨ ᠥᠭᠴᠦ᠂ ᠨᠠᠮ ᠪᠠ ᠨᠡᠶᠢᠭᠡᠮ ᠵᠢᠷᠤᠮ ᠤᠨ | ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠳᠠᠮᠵᠢᠭᠤᠯᠬᠤ ᠪᠠᠷ ᠴᠢᠷᠮᠠᠶᠢᠨ᠎ᠠ ᠭᠡᠵᠡᠢ᠃ | ᠣᠶᠢᠯᠠᠭᠠᠭᠰᠠᠨ ᠢᠶᠠᠷ᠂ 2016 ᠣᠨ ᠳᠤ ᠥᠪᠥᠷ ᠮᠣᠩᠭᠤᠯ ᠣᠷᠣᠨ ᠤ ︽ᠰᠤᠷᠤᠯᠭ᠎ᠠ ᠶᠢ ᠲᠡᠳᠬᠦᠬᠦ᠂ ᠬᠦᠰᠡᠯ | ᠵᠡᠭᠦᠳᠦ ᠪᠠᠨ ᠲᠡᠷᠭᠡᠯᠰᠢᠭᠦᠯᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠤᠣ | ᠳ᠋ᠢᠩ ᠡᠷᠡᠭᠦᠯ ᠮᠡᠨᠳᠦ ᠶᠢᠨ ᠠᠵᠤ ᠦᠢᠯᠡᠰ ᠤᠨ ᠪᠦᠯᠦᠭᠯᠡᠯ ᠭᠠᠷ ᠬᠤᠯᠪᠣᠨ ᠬᠤᠲᠠ ᠶᠢᠨ ᠡᠮᠡᠭᠲᠡᠶᠢᠴᠦᠳ ᠤᠨ | ᠬᠤᠯᠪᠣᠭᠠᠲᠤ ᠬᠤᠷᠠᠯ ᠨᠢᠭᠡᠨᠲᠡ 9 ᠵᠢᠯ ᠳᠠᠷᠠᠭᠠᠯᠠᠨ ᠭᠦᠶᠡᠩ ᠤᠨ 1023 ᠬᠥᠮᠦᠨ ᠤᠳᠠᠭ᠎ᠠ ᠶᠢᠨ ᠬᠦᠴᠢᠷᠳᠡᠯᠲᠡᠢ | ᠭᠡᠷ ᠪᠦᠯᠢ ᠶᠢᠨ ᠬᠡᠦᠬᠡᠳ ᠢ ᠲᠤᠰᠠᠯᠠᠨ ᠬᠦᠷᠭᠡᠭᠰᠡᠨ ᠨᠡᠶᠢᠲᠡ ᠵᠣᠭᠤᠰ ᠤᠨ ᠲᠤᠭ᠎ᠠ᠂ ᠡᠳ᠋ ᠪᠣᠳᠠᠰ 137.45 | ᠲᠦᠮᠡᠨ ᠲᠥᠭᠦᠷᠢᠭ ᠲᠤ ᠬᠦᠷᠴᠡᠢ᠃ ᠤᠣ ᠳ᠋ᠢᠩ ᠡᠷᠡᠭᠦᠯ ᠮᠡᠨᠳᠦ ᠶᠢᠨ ᠠᠵᠤ ᠦᠢᠯᠡᠰ ᠤᠨ ᠪᠦᠯᠦᠭᠯᠡᠯ ᠵᠢᠴᠢ | ᠠᠵᠢᠯᠲᠠᠨ ᠠᠵᠢᠯᠴᠢᠨ ᠠᠵᠤ ᠠᠬᠤᠢ ᠶᠢᠨ ᠲᠠᠯ᠎ᠠ ᠠᠴᠠ ᠶᠠᠳᠠᠭᠤ ᠬᠦᠴᠢᠷᠳᠡᠯᠲᠡᠢ ᠬᠡᠦᠬᠡᠳ ᠢ ᠬᠠᠪᠰᠤᠷᠤᠨ | ᠲᠡᠳᠬᠦᠬᠦ ᠪᠠᠷ ᠪᠠᠷᠠᠬᠤ ᠦᠭᠡᠢ ᠪᠠᠰᠠ ᠲᠤᠰᠠᠯᠠᠮᠵᠢ ᠬᠦᠷᠲᠡᠬᠦ ᠬᠡᠦᠬᠡᠳ ᠤᠨ ᠵᠠᠩ ᠴᠢᠨᠠᠷ ᠪᠦᠬᠦ ᠲᠠᠯ᠎ᠠ ᠪᠠᠷ | ᠬᠥᠭᠵᠢᠬᠦ ᠶᠢ ᠴᠢᠬᠤᠯᠠᠴᠢᠯᠠᠨ᠎ᠠ᠃ ᠲᠡᠳᠡ ᠬᠡᠦᠬᠡᠳ ᠤᠳ ᠲᠠᠢ ᠤᠷᠲᠤ ᠬᠤᠭᠤᠴᠠᠭᠠᠨ ᠤ ᠬᠠᠪᠰᠤᠷᠤᠨ ᠲᠡᠳᠬᠦᠬᠦ | ᠡᠲᠡᠭᠡᠳ ᠪᠣᠯᠵᠤ᠂ ᠳ᠋ᠢᠶᠠᠩᠬᠤᠸᠠ᠂ ᠭᠡᠷ ᠪᠦᠯᠢ ᠶᠢᠨ ᠰᠤᠷᠪᠤᠯᠵᠢᠯᠠᠭ᠎ᠠ᠂ ᠵᠤᠰᠠᠯᠠᠩ ᠡᠷᠬᠢᠯᠡᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠢ ᠬᠡᠦᠬᠡᠳ ᠤᠨ ᠬᠦᠴᠢᠷᠳᠡᠯ ᠤᠨ ᠳᠤᠮᠳᠠ ᠥᠪᠡᠷ ᠢ ᠪᠠᠨ | ᠬᠦᠴᠦᠷᠬᠡᠭᠵᠢᠭᠦᠯᠵᠦ ᠪᠡᠶ᠎ᠡ ᠪᠠᠨ ᠳᠠᠭᠠᠭᠠᠬᠤ ᠵᠠᠩ ᠴᠢᠨᠠᠷ ᠭᠠᠷᠭᠠᠬᠤ ᠶᠢ ᠵᠣᠷᠢᠭᠵᠢᠭᠤᠯᠪᠠ᠃ |