ᠭᠦᠶᠠᠩ ᠴᠢᠨ ᠣᠯᠣᠰ ᠤᠨ ᠤᠷᠲᠤ ᠴᠠᠭᠠᠨ ᠬᠡᠷᠡᠮ ᠂ ᠲᠠᠯ᠎ᠠ ᠨᠤᠲᠤᠭ ᠤᠨ ᠠᠭᠤᠯᠠᠷᠬᠠᠭ ᠣᠷᠣᠨ ᠠᠴᠠ | ᠡᠯᠡᠰᠦᠨ ᠴᠥᠯ ᠳᠤ ᠬᠦᠷᠲᠡᠯ᠎ᠡ 7570 ᠺᠢᠯᠣᠮᠧᠲᠷ ᠦᠷᠭᠦᠯᠵᠢᠯᠡᠵᠦ᠂ ᠪᠠᠶᠢᠯᠳᠤᠭᠠᠨᠲᠤ ᠤᠯᠤᠰ᠂ ᠴᠢᠨ᠂ ᠮᠢᠩ | ᠤᠯᠤᠰ ᠤᠨ 11 ᠲᠡᠦᠬᠡᠨ ᠬᠤᠭᠤᠴᠠᠭ᠎ᠠ ᠶᠢ ᠥᠩᠭᠡᠷᠡᠭᠦᠯᠦᠭᠰᠡᠨ ᠪᠠᠶᠢᠨ᠎ᠠ᠃ ᠣᠷᠣᠨ ᠵᠠᠢ ᠶᠢᠨ ᠤᠷᠲᠤ ᠶᠢᠨ ᠬᠡᠮᠵᠢᠶ᠎ᠡ᠂ | ᠡᠰᠡᠬᠦᠯ᠎ᠡ ᠴᠠᠭ ᠤᠨ ᠠᠯᠭᠠᠰᠠᠯ ᠭᠡᠰᠡᠨ ᠦᠭᠡᠢ᠂ ᠴᠥᠮ ᠪᠦᠬᠦ ᠤᠯᠤᠰ ᠲᠤ ᠲᠡᠷᠢᠭᠦᠯᠡᠵᠦ ᠪᠤᠢ᠃ | ᠬᠤᠶᠠᠷ ᠮᠢᠩᠭᠠᠨ ᠵᠢᠯ ᠤᠨ ᠬᠤᠭᠤᠴᠠᠭ᠎ᠠ ᠶᠢ ᠲᠦᠷᠭᠡᠨ ᠳᠠᠪᠬᠢᠭᠤᠯᠵᠤ᠂ ᠡᠨᠡᠬᠦ 118 ᠲᠦᠮᠡ ᠭᠠᠷᠤᠢ ᠲᠡᠭᠰᠢ | ᠳᠥᠷᠪᠡᠯᠵᠢᠨ ᠺᠢᠯᠣᠮᠧᠲᠷ ᠤᠨ ᠤᠬᠠᠭᠤᠯᠬᠤ ᠴᠠᠭᠠᠰᠤᠨ ᠳᠡᠭᠡᠷ᠎ᠡ ᠤᠷᠲᠤ ᠴᠠᠭᠠᠨ ᠬᠡᠷᠡᠮ ᠳᠡᠭᠡᠷ᠎ᠡ ᠠᠴᠠ ᠳᠣᠭᠤᠭᠰᠢ | ᠬᠠᠷᠠᠨ ᠲᠡᠦᠬᠡ ᠶᠢᠨ ᠳᠦᠷᠰᠦ ᠪᠠᠶᠢᠳᠠᠯ ᠢ ᠵᠢᠷᠤᠭᠯᠠᠨ᠎ᠠ᠃ ᠡᠨᠡ ᠪᠣᠯ ᠮᠠᠨ ᠤ ᠬᠠᠮᠲᠤ ᠶᠢᠨ ᠭᠡᠷ ᠣᠷᠣᠨ ᠮᠥᠨ᠃ | ᠭᠦᠶᠡᠩ ᠰᠢᠶᠠᠨ ᠠᠴᠠ ᠪᠠᠷᠠᠭᠤᠨᠰᠢ᠂ ᠪᠡᠭᠡᠵᠢᠩ ᠠᠴᠠ ᠲᠥᠪᠡᠳ ᠬᠦᠷᠬᠦ ᠲᠦᠷᠭᠡᠨ ᠵᠠᠮ ᠳᠠᠭᠠᠤ 300 ᠭᠠᠷᠤᠢ | ᠺᠢᠯᠣᠮᠧᠲᠷ ᠤᠷᠤᠭᠰᠢᠯᠠᠵᠤ᠂ ︽ᠪᠤᠭᠤ ᠲᠠᠢ ᠭᠠᠵᠠᠷ︾ - ᠪᠤᠭᠤᠲᠤ᠂ ᠬᠤᠲᠠ ᠶᠢᠨ ᠲᠣᠭᠤᠷᠢᠭ ᠠᠴᠠ ᠤᠮᠠᠷᠠᠰᠢ 70 | ᠭᠠᠷᠤᠢ ᠺᠢᠯᠣᠮᠧᠲᠷ᠂ ᠭᠦᠶᠡᠩ ᠰᠢᠶᠠᠨ ᠤ ᠳᠤᠮᠳᠠ ᠬᠡᠰᠡᠭ ᠤᠨ ᠰᠡᠷᠳᠡᠩ ᠠᠭᠤᠯᠠ ᠶᠢ ᠰᠢᠭᠤᠳ ᠬᠠᠪᠴᠢᠭ ᠪᠣᠯᠣᠨ᠎ᠠ᠃ | | ᠣᠨ ᠲᠣᠭᠠᠯᠠᠯ ᠠᠴᠠ ᠡᠮᠦᠨ᠎ᠡ 214 ᠣᠨ ᠳᠤ᠂ ᠴᠢᠨ ᠱᠢ ᠬᠤᠸᠠᠩ ᠂ ᠵᠠᠩᠵᠤᠨ ᠮᠧᠩ ᠳᠢᠶᠠᠨ ᠢ ᠲᠣᠮᠢᠯᠠᠨ | ᠬᠤᠶᠢᠰᠢ ᠪᠠᠨ ᠾᠦᠩᠨᠦ ᠶᠢ ᠳᠠᠭᠠᠭᠰᠠᠨ ᠤ ᠳᠠᠷᠠᠭ᠎ᠠ᠂ ᠰᠡᠷᠳᠡᠩ ᠠᠭᠤᠯᠠ ᠶᠢᠨ ᠬᠤᠶᠢᠲᠤ ᠪᠠᠯ ᠳᠤ ᠨᠢᠭᠡᠨ ᠤᠷᠲᠤ | ᠴᠠᠭᠠᠨ ᠬᠡᠷᠡᠮ ᠢ ᠰᠢᠨ᠎ᠡ ᠪᠠᠷ ᠪᠠᠶᠢᠭᠤᠯᠤᠭᠰᠠᠨ ᠪᠠᠭᠤᠷᠢ ᠨᠢ ᠶᠠᠭ ᠨᠢᠳᠦᠨ ᠡᠮᠦᠨ᠎ᠡ ᠪᠠᠶᠢᠪᠠ᠃ | ᠭᠦᠶᠡᠩ ᠴᠢᠨ ᠤᠯᠤᠰ ᠤᠨ ᠤᠷᠲᠤ ᠴᠠᠭᠠᠨ ᠬᠡᠷᠡᠮ ᠨᠢ ᠴᠢᠯᠠᠭᠤᠨ ᠬᠡᠷᠡᠮ ᠢᠶᠠᠷ ᠣᠯᠠᠨ ᠪᠠᠶᠢᠳᠠᠭ᠂ ᠡᠨᠡ ᠪᠣᠯ | ᠲᠡᠭᠦᠨ ᠤ 2200 ᠭᠠᠷᠤᠢ ᠵᠢᠯ ᠤᠨ ᠲᠤᠷᠰᠢ ᠨᠡᠯᠢᠶᠡᠳ ᠰᠠᠶᠢᠨ ᠬᠠᠳᠠᠭᠠᠯᠠᠭᠳᠠᠵᠤ ᠪᠠᠶᠢᠭ᠎ᠠ ᠨᠢᠭᠤᠴᠠ ᠵᠣᠷ ᠪᠣᠯᠤᠨ᠎ᠠ | ᠃ | ᠰᠠᠷ᠎ᠠ ᠭᠠᠷᠤᠢ ᠶᠢᠨ ᠡᠮᠦᠨ᠎ᠡ᠂ ᠭᠦᠶᠡᠩ ᠴᠢᠨ ᠤᠯᠤᠰ ᠤᠨ ᠤᠷᠲᠤ ᠴᠠᠭᠠᠨ ᠬᠡᠷᠡᠮ ᠤᠨ ᠤᠯᠤᠰ ᠤᠨ | ᠰᠣᠶᠣᠯ ᠤᠨ ᠴᠡᠴᠡᠷᠯᠢᠭ ᠡᠭᠦᠳᠡ ᠪᠠᠨ ᠨᠡᠭᠡᠭᠡᠵᠦ ᠮᠠᠨ ᠤ ᠤᠯᠤᠰ ᠤᠨ ᠠᠩᠬᠠᠳᠠᠭᠴᠢ ᠴᠢᠨ ᠤᠯᠤᠰ ᠤᠨ ᠤᠷᠲᠤ | ᠴᠠᠭᠠᠨ ᠬᠡᠷᠡᠮ ᠢᠶᠠᠷ ᠭᠤᠣᠯ ᠰᠡᠳᠦᠪ ᠪᠣᠯᠭᠠᠭᠰᠠᠨ ᠤᠯᠤᠰ ᠤᠨ ᠰᠣᠶᠣᠯ ᠤᠨ ᠴᠡᠴᠡᠷᠯᠢᠭ ᠪᠣᠯᠪᠠ᠃ ᠳᠤᠮᠳᠠᠳᠤ | ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠲᠡᠦᠬᠡ ᠶᠢᠨ ᠰᠤᠳᠤᠯᠬᠤ ᠭᠠᠵᠠᠷ ᠤᠨ | ᠡᠷᠲᠡᠨ ᠤ ᠲᠡᠦᠬᠡ ᠰᠣᠶᠣᠯ ᠤᠨ ᠰᠤᠳᠤᠯᠭᠠᠨ ᠤ ᠲᠠᠰᠤᠭ᠂ ᠤᠷᠲᠤ ᠴᠠᠭᠠᠨ ᠬᠡᠷᠡᠮ ᠤᠨ ᠲᠡᠦᠬᠡ ᠰᠣᠶᠣᠯ ᠤᠨ | ᠰᠤᠳᠤᠯᠭᠠᠨ ᠤ ᠰᠠᠭᠤᠷᠢᠨ ᠭᠠᠵᠠᠷ ᠢᠶᠠᠨ ᠭᠦᠶᠡᠩ ᠳᠤ ᠫᠠᠶᠢᠰᠠ ᠡᠯᠭᠦᠵᠦ᠍ ︽ᠣᠷᠣᠨ ᠰᠠᠭᠤᠴᠠ︾ | ᠪᠠᠢᠭᠤᠯᠪᠠ᠃ | ︽ᠤᠷᠲᠤ ᠴᠠᠭᠠᠨ ᠬᠡᠷᠡᠮ ᠨᠢ ᠬᠡᠳᠦ ᠣᠯᠠᠨ ᠠᠴᠢ ᠬᠤᠯᠪᠣᠭᠳᠠᠯ ᠢ ᠪᠠᠭᠲᠠᠭᠠᠵᠤ᠂ ᠳᠤᠮᠳᠠᠳᠤ ᠶᠢᠨ ᠬᠥᠮᠦᠨ | ᠨᠢᠭᠡᠪᠦᠷᠢ ᠴᠥᠮ ᠤᠷᠲᠤ ᠴᠠᠭᠠᠨ ᠬᠡᠷᠡᠮ ᠢ ᠣᠶᠢᠯᠠᠭᠠᠵᠤ᠂ ᠪᠢᠳᠡᠨ ᠤ ᠬᠠᠮᠢᠭ᠎ᠠ ᠠᠴᠠ ᠢᠷᠡᠭᠰᠡᠨ ᠢ ᠣᠶᠢᠯᠠᠭᠠᠪᠠᠯ ᠰᠠᠶ᠋ᠢ | ᠪᠢᠳᠡ ᠬᠠᠮᠢᠭ᠎ᠠ ᠬᠦᠷᠬᠦ ᠶᠢ ᠮᠡᠳᠡᠵᠦ ᠪᠣᠯᠤᠨ᠎ᠠ︾ ᠭᠡᠵᠦ᠍ ᠪᠤᠭᠤᠲᠤ ᠬᠤᠲᠠ ᠶᠢᠨ ᠮᠦᠽᠧᠢ ᠶᠢᠨ | ᠵᠠᠬᠢᠷᠤᠯ ᠵᠠᠩ ᠬᠠᠢ ᠪᠢᠨ ᠬᠡᠯᠡᠪᠡ᠃ |