︽ᠰᠠᠷᠭᠠᠢ ᠴᠡᠴᠡᠭ ᠤᠨ ᠦᠯᠢᠭᠡᠷ︾ ᠢ ᠦᠵᠡᠵᠦ ᠪᠠᠷᠠᠭᠠᠳ ᠭᠦᠶᠡᠩ ᠤᠨ ᠲᠤᠷᠤᠭ ᠰᠠᠷᠠᠨ᠎ᠠ ᠶᠢᠨ ᠴᠡᠴᠡᠭ ᠢ ᠦᠵᠡᠶ᠎ᠡ
ᠨᠡᠶᠢᠲᠡᠯᠡᠭᠰᠡᠨ ᠴᠠᠭ᠄
2024/6/30
    ᠲᠣᠷᠤᠭ ᠰᠠᠷᠠᠨ᠎ᠠ ᠴᠡᠴᠡᠭ ᠨᠢ ᠠᠷᠢᠭᠤᠨ ᠴᠡᠪᠡᠷ ᠪᠥᠭᠡᠳ ᠶᠡᠬᠡᠮᠰᠦᠭ ᠣᠪᠣᠷ ᠲᠠᠢ ᠪᠠᠶᠢᠵᠤ ︽ᠵᠠᠭᠤᠨ ᠵᠢᠯ ᠤᠨ ᠰᠠᠶᠢᠨ ᠢᠷᠥᠭᠡᠯ︾᠂ ︽ᠵᠠᠭᠤᠨ ᠵᠦᠢᠯ ᠳᠤ ᠰᠡᠳᠬᠢᠯ ᠨᠢᠭᠡᠲᠡᠢ︾ ᠭᠡᠰᠡᠨ ᠤᠳᠬ᠎ᠠ ᠲᠠᠢ ︽ᠬᠠᠨ ᠠᠷᠰᠢ ᠶᠢᠨ ᠬᠥᠪᠡᠭᠦᠨ︾ ᠬᠡᠮᠡᠨ ᠠᠯᠳᠠᠷᠰᠢᠵᠠᠢ᠃    ᠭᠦᠶᠡᠩ ᠬᠤᠲᠠ ᠶᠢᠨ ᠵᠠᠰᠠᠭ ᠤᠨ ᠲᠥᠪ ᠂ ᡁᠢ ᠰᠢᠩ ᠲᠠᠯᠠᠪᠠᠢ ᠳᠤ ᠲᠣᠷᠤᠭ ᠰᠠᠷᠠᠨ᠎ᠠ ᠶᠢᠨ ᠴᠡᠴᠡᠷᠯᠢᠭ ᠵᠣᠬᠢᠶᠠᠨ ᠪᠠᠢᠭᠤᠯᠵᠤ᠂  ᠲᠡᠷᠡ ᠨᠢ ᠶᠢᠨ ᠱᠠᠨ ᠪᠠᠯᠭᠠᠰᠤᠨ ᠤ ᠱᠢᠦᠸᠠᠢ ᠹᠦ᠋ ᠵᠠᠮ ᠤᠨ ᠪᠠᠷᠠᠭᠤᠨ ᠲᠠᠯ᠎ᠠ ︵ᠵᠡᠪᠰᠡᠭᠲᠦ ᠬᠦᠴᠦᠨ ᠤ ᠬᠡᠯᠲᠡᠰ ᠤᠨ ᠡᠮᠦᠨ᠎ᠡ᠂ ᠭᠦᠶᠡᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠡᠭᠦᠨ ᠬᠡᠷᠡᠮ ᠤᠨ ᠭᠠᠳᠠᠨ᠎ᠠ ᠪᠠᠶᠢᠷᠢᠯᠠᠵᠤ︶ ᠂ ᠡᠨᠡᠬᠦ ᠲᠣᠷᠤᠭ ᠰᠡᠷᠡᠨ᠎ᠡ ᠴᠡᠴᠡᠷᠯᠢᠭ 6000 ᠲᠡᠭᠰᠢ ᠳᠥᠷᠪᠡᠯᠵᠢᠨ ᠮᠸᠲᠷ ᠲᠠᠯᠠᠪᠠᠢ ᠲᠠᠢ᠂ ᠡᠭᠦᠨ ᠳᠤ ᠪᠡᠶ᠎ᠡ ᠴᠢᠭᠢᠷᠠᠭᠵᠢᠭᠤᠯᠬᠤ ᠲᠠᠯᠠᠪᠠᠢ 800 ᠲᠡᠭᠰᠢ ᠳᠥᠷᠪᠡᠯᠵᠢᠨ ᠮᠸᠲᠷ᠂ ᠲᠣᠷᠤᠭ ᠰᠠᠷᠠᠨ᠎ᠠ ᠴᠡᠴᠡᠭ ᠵᠢᠴᠢ ᠴᠡᠴᠡᠭ ᠡᠪᠡᠰᠦ 3600 ᠲᠡᠭᠰᠢ ᠳᠥᠷᠪᠡᠯᠵᠢᠨ ᠮᠸᠲᠷ ᠲᠠᠷᠢᠪᠠ᠃    ᠬᠤᠲᠠ ᠶᠢᠨ ᠠᠷᠠᠳ ᠲᠤ ᠴᠢᠨᠠᠷ ᠰᠠᠶᠢᠲᠠᠢ ᠰᠣᠨᠢᠷᠬᠠᠬᠤ ᠣᠶᠢᠯᠠᠭᠠᠯᠲᠠ ᠬᠠᠩᠭᠠᠬᠤ ᠶᠢᠨ ᠲᠥᠯᠥᠭᠡ᠂ ᠬᠦᠷᠢᠶᠡᠯᠡᠩ ᠲᠣᠭᠤᠷᠢᠭ ᠲᠤ ᠨᠠᠷᠢᠨ ᠨᠢᠮᠪᠠᠢ ᠵᠢᠷᠤᠵᠤ ᠲᠥᠯᠥᠪᠯᠡᠭᠰᠡᠨ ᠶᠠᠪᠠᠭᠠᠨ ᠵᠡᠮ ᠭᠠᠷᠭᠠᠵᠤ᠂ ᠵᠤᠭᠠᠴᠠᠭᠰᠠᠳ ᠤᠨ ᠣᠶᠢᠷ᠎ᠠ ᠵᠠᠢ ᠠᠴᠠ ᠴᠡᠴᠡᠭ ᠰᠣᠨᠢᠷᠬᠠᠬᠤ ᠳᠤ ᠳᠥᠭᠦᠮ ᠦᠵᠡᠭᠦᠯᠪᠡ᠃ ᠬᠦᠷᠢᠶᠡᠯᠡᠩ ᠲᠣᠭᠤᠷᠢᠭ ᠲᠤ ᠵᠢᠷᠤᠭ ᠮᠡᠲᠦ ᠬᠦᠷᠡᠩ ᠣᠷᠢᠶᠠᠩᠭᠤ ᠬᠤᠩᠭᠢᠯ ᠨᠢ ᠨᠡᠩ ᠴᠤ ᠨᠢᠭᠡᠨ ᠲᠣᠮᠣ ᠭᠢᠯᠠᠰ ᠴᠡᠭ ᠪᠣᠯᠤᠨ᠎ᠠ᠃ ᠪᠣᠷᠣ ᠣᠷᠢᠶᠠᠩᠭᠤ ᠴᠡᠴᠡᠭ ᠬᠠᠷᠢᠯᠴᠠᠨ ᠰᠦᠯᠵᠢᠯᠳᠦᠵᠦ᠂ ᠪᠠᠶᠢᠭᠠᠯᠢ ᠶᠢᠨ ᠨᠠᠷᠠ ᠬᠠᠯᠬᠠᠯᠡᠬᠤ ᠬᠠᠯᠬᠠᠪᠴᠢ ᠪᠣᠯᠵᠤ᠂ ᠵᠢᠭᠤᠯᠴᠢᠳ ᠢ ᠵᠤᠭ᠎ᠠ ᠴᠡᠩᠭᠡᠯ ᠤᠨ ᠶᠠᠪᠤᠴᠠ ᠳᠤ᠂ ᠪᠡᠶ᠎ᠡ ᠶᠠᠳᠠᠷᠠᠭᠰᠠᠨ ᠴᠣ᠋ ᠲᠡᠷᠡ᠂ ᠡᠰᠡᠬᠦᠯ᠎ᠡ ᠡᠨᠡ ᠬᠦ ᠰᠠᠶᠢᠨ ᠰᠠᠶᠢᠬᠠᠨ ᠦᠵᠡᠮᠵᠢ ᠶᠢ ᠠᠮᠲᠠᠯᠠᠬᠤ ᠳᠤ ᠪᠦᠷ ᠴᠠᠭ ᠢᠮᠠᠭᠲᠠ ᠰᠡᠳᠬᠢᠯ ᠬᠠᠨᠤᠵᠤ ᠠᠮᠠᠷᠠᠬᠤ ᠭᠠᠵᠠᠷ ᠢ ᠣᠯᠵᠤ ᠴᠢᠳᠠᠨ᠎ᠠ᠃ ᠲᠡᠭᠦᠨ ᠤ ᠰᠡᠶᠢᠯᠦᠭᠰᠡᠨ ᠰᠢᠯᠦᠭ ᠤᠨ ᠰᠠᠨᠠᠭ᠎ᠠ ᠪᠢᠯᠬᠠᠭᠰᠠᠨ ᠶᠠᠭᠠᠨ ᠣᠷᠢᠶᠠᠩᠭᠤ ᠶᠢᠨ ᠤᠷᠲᠤ ᠬᠤᠩᠭᠢᠯ ᠢᠶᠠᠷ ᠤᠮᠠᠷᠠᠰᠢ ᠶᠠᠪᠤᠵᠤ ᠰᠠᠶᠢᠬᠠᠨ ᠥᠭᠡᠷᠡᠴᠢᠯᠡᠭᠳᠡᠭᠰᠡᠨ ᠰᠠᠭᠰᠤᠨ ᠪᠥᠮᠪᠦᠭᠡ ᠶᠢᠨ ᠲᠠᠯᠠᠪᠠᠢ ᠪᠣᠯᠤᠨ᠎ᠠ᠃ ᠪᠦᠬᠦ᠋ᠢᠯᠡ ᠲᠠᠯᠠᠪᠤᠷ ᠨᠢ ᠴᠣ ᠰᠢᠨ᠎ᠡ ᠪᠠᠶᠢᠳᠠᠯ ᠲᠠᠢ ᠪᠣᠯᠵᠤ᠂ ᠭᠠᠵᠠᠷ ᠤᠨ ᠭᠠᠳᠠᠷᠭᠤ ᠶᠢᠨ ᠲᠡᠮᠳᠡᠭ ᠵᠢᠷᠤᠭᠠᠰᠤ ᠢᠯᠡ ᠲᠣᠳᠣ ᠬᠠᠷᠠᠭᠳᠠᠨ᠎ᠠ᠂ ᠰᠠᠭᠰᠤᠨ ᠪᠥᠮᠪᠦᠭᠡ ᠶᠢᠨ ᠵᠢᠶᠠᠰᠠ ᠪᠠᠲᠤ ᠪᠠᠬᠢ ᠪᠥᠭᠡᠳ ᠴᠣ ᠰᠢᠨ᠎ᠡ ᠪᠠᠶᠢᠳᠠᠯ ᠲᠠᠢ ᠪᠣᠯᠪᠠ᠃ ᠲᠠᠯᠠᠪᠤᠷ ᠤᠨ ᠡᠷᠭᠢᠨ ᠲᠣᠭᠤᠷᠢᠨ ᠳᠤ ᠪᠠᠰᠠ ᠨᠢᠭᠡ ᠪᠦᠯᠦᠭ ᠴᠣ ᠰᠢᠨ᠎ᠡ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠨᠠᠷᠢᠨ ᠨᠢᠮᠪᠠᠢ ᠤᠭᠰᠠᠷᠠᠵᠤ᠂ ᠡᠳᠡᠭᠡᠷ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠨ ᠲᠥᠷᠥᠯ ᠵᠦᠢᠯ ᠡᠯᠪᠡᠭ ᠪᠠᠶᠠᠯᠢᠭ ᠣᠯᠠᠨ ᠶᠠᠩᠵᠤ ᠶᠢᠨ ᠪᠠᠶᠢᠵᠤ᠂ ᠭᠠᠷ ᠤᠨ ᠬᠦᠴᠦᠨ ᠢᠶᠠᠨ ᠪᠣᠯᠪᠠᠰᠤᠷᠠᠭᠤᠯᠬᠤ᠂ ᠬᠥᠯ ᠢᠶᠠᠨ ᠬᠥᠳᠡᠯᠭᠡᠭᠡᠨ ᠬᠢᠬᠦ᠂ ᠨᠢᠷᠤᠭᠤ ᠭᠡᠳᠡᠰᠦᠨ ᠤ ᠬᠦᠴᠦᠨ ᠢᠶᠠᠨ ᠨᠡᠮᠡᠭᠳᠡᠭᠦᠯᠬᠦ ᠵᠡᠷᠭᠡ ᠴᠢᠳᠠᠮᠵᠢ ᠶᠢ ᠬᠠᠮᠤᠷᠴᠠᠢ᠃ ᠲᠡᠳᠡᠨ ᠤ ᠣᠷᠣᠰᠢᠵᠤ ᠪᠠᠶᠢᠭ᠎ᠠ ᠭᠠᠵᠠᠷ ᠨᠢ ᠲᠦᠢᠯ ᠤᠨ ᠶᠡᠭᠡ ᠭᠠᠵᠠᠷ ᠰᠠᠭᠤᠭᠠᠯᠢ ᠠᠷᠠᠳ ᠤᠨ ᠡᠯ᠎ᠡ ᠵᠦᠢᠯ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠳᠤ ᠳᠥᠭᠦᠮ ᠦᠵᠡᠭᠦᠯᠵᠦ᠂ ᠥᠷᠯᠥᠭᠡ ᠦᠳᠡᠰᠢ ᠶᠢ ᠤᠭᠲᠤᠬᠤ ᠳᠤ ᠴᠤ ᠲᠡᠷᠡ᠂ ᠰᠠᠭᠤᠭᠠᠯᠢ ᠠᠷᠠᠳ ᠴᠥᠮ ᠠᠳᠡ ᠬᠦᠴᠦ ᠬᠥᠯᠥᠰᠥ ᠪᠠᠨ ᠤᠷᠤᠰᠬᠠᠨ᠂ ᠬᠥᠳᠡᠯᠭᠡᠭᠡᠨ ᠤ ᠠᠪᠴᠢᠷᠠᠭᠰᠠᠨ ᠪᠠᠶᠠᠷ ᠪᠠᠶᠠᠰᠤᠯ ᠪᠠ ᠡᠷᠡᠭᠦᠯ ᠮᠡᠨᠳᠦ ᠶᠢ ᠡᠳ᠋ᠯᠡᠵᠦ ᠴᠢᠳᠠᠨ᠎ᠠ᠃ ᠪᠠᠢ ᠾᠧ ᠶᠤᠸᠠᠨ ᠴᠡᠴᠡᠷᠯᠢᠭ ᠨᠢ ᠬᠤᠲᠠ ᠳᠤ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠨᠡᠮᠡᠷᠢᠯᠡᠭᠰᠡᠨ ᠢᠶᠠᠷ ᠪᠠᠷᠠᠬᠤ ᠦᠭᠡᠢ᠂ ᠨᠡᠩ ᠴᠤ ᠬᠤᠲᠠ ᠶᠢᠨ ᠠᠷᠠᠳ ᠤᠨ ᠵᠤᠭ᠎ᠠ ᠴᠡᠩᠭᠡᠯ ᠤᠨ ᠰᠠᠶᠢᠨ ᠭᠠᠵᠠᠷ ᠪᠣᠯᠤᠭᠰᠠᠨ ᠪᠠᠶᠢᠨ᠎ᠠ᠃    ᠳᠣᠯᠣᠳᠤᠭᠠᠷ ᠰᠠᠷ᠎ᠠ ᠳᠤ ᠲᠣᠷᠤᠭ ᠰᠠᠷᠠᠨ᠎ᠠ ᠴᠡᠴᠡᠭ ᠳᠡᠯᠭᠡᠷᠡᠬᠦ ᠤᠯᠠᠷᠢᠯ ᠢ ᠤᠭᠲᠤᠨ ᠠᠪᠴᠢᠷᠠᠬᠤ ᠪᠣᠯᠤᠨ᠎ᠠ᠂ ᠲᠤᠬᠠᠢ ᠶᠢᠨ ᠣᠢᠶ᠎ᠠ ᠳᠤ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠢ ᠪᠠᠶᠠᠷᠯᠠᠨ ᠤᠭᠲᠤᠵᠤ᠂ ᠬᠠᠮᠲᠤ ᠪᠠᠷ ᠲᠣᠷᠤᠭ ᠰᠠᠷᠠᠨ᠎ᠠ ᠴᠡᠴᠡᠭ ᠤᠨ ᠠᠩᠬᠢᠯᠤᠮ᠎ᠠ ᠦᠨᠦᠷ ᠪᠣᠯᠤᠨ ᠲᠠᠲᠠᠬᠤ ᠬᠦᠴᠦᠨ ᠢ ᠮᠡᠳᠡᠷᠡᠵᠦ᠂ ᠲᠠᠨ ᠪᠣᠯᠤᠨ ᠣᠯᠠᠨ ᠲᠦᠮᠡᠨ ᠢ ᠨᠢᠭᠡᠳᠬᠡᠵᠦ ︽ᠷᠣᠮᠠᠨᠲ᠋ᠢᠭ ᠨᠢᠭᠡ ᠵᠤᠨ︾ ᠪᠣᠯᠬᠤ ᠶᠢ ᠬᠦᠰᠡᠵᠦ ᠪᠠᠶᠢᠨ᠎ᠠ᠃ ᠲᠣᠷᠤᠭ ᠰᠠᠷᠠᠨ᠎ᠠ ᠴᠡᠴᠡᠭ ᠳᠡᠯᠭᠡᠷᠡᠬᠦ ᠬᠤᠭᠤᠴᠠᠭ᠎ᠠ ᠨᠢ ᠪᠠᠷᠤᠭ ᠨᠢᠭᠡ ᠰᠠᠷ᠎ᠠ ᠪᠣᠯᠤᠨ᠎ᠠ᠂ ᠣᠯᠠᠨ ᠢᠶᠠᠷ ᠢᠶᠠᠨ ᠬᠤᠸᠠᠷ ᠴᠡᠴᠡᠭ ᠰᠣᠨᠢᠷᠬᠠᠬᠤ ᠤᠯᠠᠷᠢᠯ ᠳᠤ ᠬᠤᠸᠠᠷ ᠴᠡᠴᠡᠭ ᠢ ᠬᠠᠶᠢᠷᠠᠯᠠᠶ᠎ᠠ᠃  
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号