ᠡᠷᠳᠡᠨᠢ ᠰᠢᠰᠢ ᠶᠢᠨ ᠬᠠᠯᠢᠰᠤ᠂ ᠡᠷᠳᠡᠨᠢ ᠰᠢᠰᠢ ᠶᠢᠨ ᠡᠰᠢ ᠰᠦᠷᠡᠯ ᠢ ᠬᠥᠳᠡᠭᠡ ᠲᠣᠰᠬᠤᠨ ᠳᠤ ᠭᠠᠵᠠᠷ | ᠪᠣᠯᠭᠠᠨ ᠳᠤ ᠣᠯᠵᠤ ᠬᠠᠷᠠᠨ᠎ᠠ᠂ ᠡᠳᠡᠭᠡᠷ ᠨᠢ ᠣᠯᠠᠩᠬᠢ ᠬᠥᠮᠦᠰ ᠤᠨ ᠨᠢᠳᠦᠨ ᠳᠤ ︽ᠬᠠᠶᠠᠭᠳᠠᠮᠠᠯ ᠪᠣᠳᠠᠰ︾ ᠰᠢᠭ | ᠪᠠᠶᠢᠬᠤ ᠲᠤ᠂ ᠰᠢᠩ ᠨᠦᠩ ᠹᠦ᠋ ᠪᠠᠶᠠᠵᠢᠯ ᠤᠨ ᠭᠠᠷ ᠢᠶᠠᠷ ᠨᠡᠪᠴᠢᠭᠦᠯᠬᠦ ᠰᠠᠭᠤᠷᠢᠨ ᠭᠠᠵᠠᠷ ᠨᠢ ︽ᠤᠷᠠᠨ ᠡᠮᠡᠭᠡᠨ︾ | ᠪᠣᠯᠵᠤ᠂ ᠴᠡᠴᠡᠭ ᠤᠨ ᠯᠣᠩᠬᠤ᠂ ᠰᠠᠭᠰᠤ ᠪᠠᠨ ᠳᠡᠭᠦᠵᠢᠯᠡᠬᠦ᠂ ᠡᠭᠦᠷᠬᠦ ᠪᠣᠭᠴᠣ ᠡᠭᠦᠷᠬᠦ᠂ ᠰᠡᠶᠢᠯᠬᠦ ᠵᠡᠷᠭᠡ ᠭᠠᠷ | ᠤᠷᠠᠯᠠᠯ ᠤᠨ ᠪᠦᠲᠦᠭᠡᠭᠳᠡᠬᠦᠨ ᠪᠪᠣᠯᠭᠤᠵᠤ᠂ ᠴᠢᠨᠠᠭᠰᠢᠯᠠᠪᠠᠯ ᠵᠣᠴᠢᠳ ᠶᠢᠨ ᠬᠦᠯᠢᠶᠡᠨ ᠠᠪᠬᠤ ︽ᠭᠠᠷ ᠤᠨ ᠪᠡᠯᠡᠭ︾ | ᠪᠣᠯᠭᠤᠵᠤ᠂ ᠬᠡᠷᠡᠭᠯᠡᠭᠴᠢᠳ ᠤᠨ ᠳᠤᠷ᠎ᠠ ᠪᠠᠬ᠎ᠠ ᠶᠢ ᠶᠡᠬᠡᠳᠡ ᠳᠠᠲᠠᠭᠰᠠᠨ ᠪᠠᠶᠢᠨ᠎ᠠ᠃ | ᠣᠶᠢᠷ᠎ᠠ ᠳᠤ᠂ ᠰᠤᠷᠪᠤᠯᠵᠢᠯᠠᠭᠴᠢ ᠭᠦᠶᠡᠩ ᠰᠢᠶᠠᠨ ᠤ ᠥᠪᠥᠷ ᠮᠣᠩᠭᠤᠯ ᠤᠨ ᠰᠢᠩ ᠨᠦᠩ ᠹᠦ᠋ ᠭᠠᠷ | ᠤᠷᠠᠯᠠᠯ ᠤᠨ ᠨᠡᠪᠴᠢᠭᠦᠯᠬᠦ ᠰᠠᠭᠤᠷᠢᠨ ᠭᠠᠵᠠᠷ ᠲᠤ ᠬᠦᠷᠴᠦ᠂ ᠶᠡᠭᠡ ᠲᠢᠩᠬᠢᠮ ᠤᠨ ᠳᠣᠲᠣᠷᠠᠬᠢ ︽ᠴᠢᠶᠣᠤ ᠨᠢᠶᠠᠩ︾ | ᠭᠠᠷ ᠤᠷᠠᠯᠠᠯ ᠤᠨ ᠤᠷᠠᠯᠢᠭᠴᠢᠨ ᠵᠠᠩ ᠮᠠᠨ ᠼᠠᠩ ᠤᠨ ᠵᠢᠯᠣᠭᠤᠳᠣᠯᠭ᠎ᠠ ᠳᠣᠣᠷ᠎ᠠ᠂ ᠡᠷᠳᠡᠨᠢ ᠰᠢᠰᠢ ᠶᠢᠨ | ᠠᠷᠠᠰᠤ ᠪᠠᠷ ᠵᠢᠷᠤᠭ ᠨᠠᠭᠠᠵᠤ ᠪᠠᠶᠢᠬᠤ ᠶᠢ ᠣᠯᠵᠤ ᠬᠠᠷᠠᠪᠠ᠃ ︽ᠡᠷᠳᠡᠨᠢ ᠰᠢᠰᠢ ᠶᠢᠨ ᠠᠷᠠᠰᠤᠨ ᠨᠠᠭᠠᠮᠠᠯ ᠵᠢᠷᠤᠭ ᠢ | ᠭᠤᠣᠯᠳᠠᠭᠤ ᠡᠷᠳᠡᠨᠢ ᠰᠢᠰᠢ ᠶᠢᠨ ᠬᠠᠯᠢᠰᠤ ᠪᠠᠷ ᠮᠠᠲ᠋ᠧᠷᠢᠶᠠᠯ ᠪᠣᠯᠭᠠᠵᠤ᠂ ᠬᠡ ᠵᠦᠢ ᠶᠢᠨ ᠣᠨᠴᠠᠯᠢᠭ ᠢᠶᠠᠷ ᠪᠢᠴᠢᠮᠡᠯ | ᠡᠬᠡ ᠪᠢᠴᠢᠭ ᠲᠠᠢ ᠬᠠᠷᠢᠴᠠᠭᠤᠯᠤᠨ ᠡᠰᠬᠡᠵᠦ᠂ ᠳᠠᠬᠢᠨ ᠵᠢᠷᠤᠭ ᠤᠨ ᠪᠣᠳᠠᠲᠠᠢ ᠠᠭᠤᠯᠭ᠎ᠠ ᠶᠢ ᠦᠨᠳᠦᠰᠦᠯᠡᠨ | ᠥᠩᠭᠡ ᠲᠠᠢ ᠪᠣᠯᠭᠠᠬᠤ᠂ ᠨᠠᠭᠠᠬᠤ ᠵᠡᠷᠭᠡ ᠣᠯᠠᠨ ᠵᠦᠢᠯ ᠤᠨ ᠠᠵᠢᠯ ᠤᠨ ᠳᠠᠷᠠᠭᠠᠯᠠᠯ ᠢ ᠦᠢᠯᠡᠳᠴᠦ ᠵᠣᠬᠢᠶᠠᠨ᠎ᠠ᠃ | ᠡᠷᠳᠡᠨᠢ ᠰᠢᠰᠢ ᠶᠢᠨ ᠬᠠᠯᠢᠰᠤ ᠶᠢ ᠰᠣᠩᠭᠤᠬᠤ ᠨᠢ ᠬᠠᠮᠤᠭ ᠤᠨ ᠰᠠᠶᠢᠨ 3 ᠠᠴᠠ 5 ᠬᠠᠭᠤᠳᠠᠰᠤ ᠰᠣᠩᠭᠤᠨ᠎ᠠ᠃ | ᠮᠠᠨ ᠤ ᠰᠣᠩᠭᠤᠨ ᠬᠡᠷᠡᠭᠯᠡᠭᠰᠡᠨ ᠴᠥᠮ ᠪᠣᠯᠪᠠᠰᠤᠷᠠᠩᠭᠤᠢ ᠡᠷᠳᠡᠨᠢ ᠰᠢᠰᠢ ᠶᠢᠨ ᠬᠠᠯᠢᠰᠤ ᠠᠴᠠ ᠢᠷᠡᠭᠰᠡᠨ ᠶᠤᠮ᠂ | ᠡᠩ ᠤᠨ ᠪᠠᠶᠢᠳᠠᠯ ᠳᠤ ᠭᠠᠳᠠᠨ᠎ᠠ ᠠᠴᠠ ᠳᠣᠲᠣᠭᠰᠢ ᠣᠷᠣᠬᠤ ᠲᠤᠭ᠎ᠠ ᠶᠢᠨ 5 ᠠᠴᠠ 10 ᠳᠠᠪᠬᠤᠷ ᠪᠠᠶᠢᠵᠤ᠂ | ᠤᠷᠲᠤ ᠨᠢ 10 ᠰᠠᠨᠲ᠋ᠢᠮᠧᠳ᠋ᠷ ᠣᠷᠴᠢᠮ ᠪᠠᠶᠢᠳᠠᠭ᠃ ᠡᠳᠡᠭᠡᠷ ᠡᠷᠳᠡᠨᠢ ᠰᠢᠰᠢ ᠶᠢᠨ ᠠᠷᠠᠰᠤ ᠨᠢ ᠨᠠᠩ ᠤᠶᠠᠨ ᠬᠠᠳᠠᠨ | ᠴᠢᠨᠠᠷ ᠲᠠᠢ᠂ ᠦᠢᠯᠡᠳᠬᠦ ᠦᠷ᠎ᠡ ᠪᠦᠲᠦᠮᠵᠢ ᠨᠢ ᠴᠦ ᠨᠡᠩ ᠰᠠᠶᠢᠨ ᠪᠣᠯᠤᠨ᠎ᠠ᠃︾ ᠭᠡᠵᠦ ᠵᠠᠩ ᠮᠠᠨ ᠼᠠᠩ | ᠰᠤᠷᠪᠤᠯᠵᠢᠯᠠᠭᠴᠢ ᠳᠤ ᠬᠡᠯᠡᠪᠡ᠃ ᠥᠩᠭᠡᠷᠡᠭᠰᠡᠨ ᠳᠤ᠂ ᠮᠠᠰᠢ ᠣᠯᠠᠨ ᠬᠥᠮᠦᠨ ᠡᠷᠳᠡᠨᠢ ᠰᠢᠰᠢ ᠶᠢᠨ ᠬᠠᠯᠢᠰᠤ ᠶᠢ | ᠬᠡᠷᠡᠭᠯᠡᠬᠦ ᠦᠭᠡᠢ ᠭᠡᠵᠦ ᠪᠣᠳᠣᠵᠤ᠂ ᠵᠠᠷᠢᠮ ᠨᠢ ᠲᠦᠯᠡᠭᠡ ᠰᠢᠲᠠᠭᠠᠵᠤ᠂ ᠵᠠᠷᠢᠮ ᠨᠢ ᠬᠤᠭ ᠨᠣᠪᠰᠢ ᠰᠢᠲᠠᠭᠠᠵᠠᠢ᠂ | ᠭᠡᠪᠡᠴᠦ ᠠᠳᠡ ᠬᠠᠷᠢᠨ ᠡᠷᠳᠡᠨᠢ ᠪᠣᠯᠵᠠᠢ᠃ ᠵᠢᠯ ᠪᠦᠷᠢ ᠶᠢᠨ ᠨᠠᠮᠤᠷ ᠤᠨ ᠬᠤᠷᠢᠶᠠᠯᠲᠠ ᠶᠢᠨ ᠳᠠᠷᠠᠭ᠎ᠠ᠂ ᠶᠡᠭᠡ | ᠬᠡᠮᠵᠢᠶᠡᠨ ᠤ ᠡᠷᠳᠡᠨᠢ ᠰᠢᠰᠢ ᠶᠢᠨ ᠬᠠᠯᠢᠰᠤ ᠶᠢ ᠬᠥᠳᠡᠭᠡ ᠲᠣᠰᠬᠤᠨ ᠳᠤ ᠣᠪᠣᠭᠠᠯᠠᠬᠤ ᠨᠢ | ᠰᠢᠢᠳᠪᠤᠷᠢᠯᠡᠬᠦ ᠶᠢᠨ ᠠᠷᠭ᠎ᠠ ᠦᠭᠡᠢ ᠶᠤᠮ᠃ ᠲᠠᠷᠢᠶᠠᠯᠠᠩ ᠳᠤ ᠬᠤᠯᠪᠣᠭᠳᠠᠬᠤ ᠲᠥᠷᠥᠯ | ᠵᠦᠢᠯ ᠢ ᠤᠯᠠᠮ ᠨᠢᠭᠡ ᠠᠯᠬᠤᠮ ᠦᠨᠳᠦᠰᠦᠯᠡᠭᠦᠯᠵᠦ᠂ ᠴᠡᠴᠡᠭᠯᠡᠭᠦᠯᠦᠨ ᠵᠢᠮᠢᠰᠯᠡᠭᠦᠯᠬᠦ ᠶᠢᠨ ᠲᠥᠯᠥᠭᠡ᠂ ᠭᠦᠶᠡᠩ | ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠠᠭᠰᠢ ᠲᠠᠢ ᠵᠣᠯᠭᠠᠵᠤ᠂ ᠬᠥᠮᠦᠰ ᠢᠶᠠᠨ ᠵᠣᠬᠢᠶᠠᠨ ᠪᠠᠶᠢᠭᠤᠯᠵᠤ | ᠱᠠᠨ ᠰᠢ ᠮᠤᠵᠢ ᠶᠢᠨ ᠯᠢᠨ ᠹᠧᠨ ᠬᠤᠲᠠ ᠳᠤ ᠬᠦᠷᠴᠦ ᠰᠤᠷᠤᠯᠴᠠᠭᠤᠯᠪᠠ᠃ ᠡᠷᠳᠡᠨᠢ ᠰᠢᠰᠢ ᠶᠢᠨ ᠬᠠᠯᠢᠰᠤ ᠨᠢ | ᠪᠣᠬᠢᠷᠲᠤᠯ ᠦᠭᠡᠢ᠂ ᠣᠷᠴᠢᠨ ᠠᠬᠤᠢ ᠶᠢᠨ ᠬᠠᠮᠠᠭᠠᠯᠠᠯᠲᠠ ᠨᠢ ᠪᠠᠰᠠ ᠴᠤ ᠥᠪᠡᠷ ᠤᠨ ᠥᠷᠲᠡᠭ ᠦᠭᠡᠢ ᠶᠤᠮ᠂ | ᠵᠥᠪᠬᠡᠨ ᠶᠠᠳᠠᠷᠠᠯ ᠵᠦᠳᠡᠷᠡᠯ ᠢᠶᠠᠨ ᠬᠠᠶᠢᠬᠤᠷᠤᠯ ᠦᠭᠡᠢ ᠪᠠᠶᠢᠵᠤ᠂ ᠡᠷᠳᠡᠨᠢ ᠰᠢᠰᠢ ᠶᠢᠨ ᠬᠠᠯᠢᠰᠤᠨ ᠪᠦᠳᠦᠭᠡᠭᠳᠡᠭᠦᠨ | ᠬᠥᠭᠵᠢᠭᠦᠯᠵᠦ᠂ ᠭᠡᠷ ᠲᠤ ᠪᠠᠨ ᠰᠠᠭᠤᠵᠤ ᠵᠣᠭᠤᠰ ᠣᠯᠬᠤ ᠳᠤ ᠠᠰᠠᠭᠤᠳᠠᠯ ᠦᠭᠡᠢ ᠶᠤᠮ᠃ | ᠨᠡᠪᠴᠢᠭᠦᠯᠬᠦ ᠰᠠᠭᠤᠷᠢᠨ ᠭᠠᠵᠠᠷ 2020 ᠣᠨ ᠤ ᠡᠴᠦᠰ ᠲᠤ ᠵᠢᠩᠬᠢᠨᠢ ᠪᠠᠷ ᠪᠠᠶᠢᠭᠤᠯᠤᠭᠳᠠᠪᠠ᠃ ᠠᠩᠬ᠎ᠠ | ᠡᠬᠢᠨ ᠳᠤ᠂ ᠣᠯᠠᠨ ᠢᠶᠠᠷ ᠢᠶᠠᠨ ᠵᠥᠪᠬᠡᠨ ᠬᠤᠨᠳᠠᠭ᠎ᠠ᠂ ᠳᠡᠪᠢᠰᠬᠡᠷ ᠵᠡᠷᠭᠡ ᠳᠥᠭᠦᠮ ᠪᠣᠳᠠᠰ ᠢ ᠪᠦᠳᠦᠭᠡᠨ ᠭᠠᠷᠭᠠᠵᠤ | ᠪᠠᠶᠢᠪᠠ᠃ ᠤᠷ᠎ᠠ ᠮᠡᠷᠭᠡᠵᠢᠯ ᠤᠨ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠭᠦᠶᠡᠩ ᠰᠢᠶᠠᠨ ᠤ | ᠨᠤᠲᠤᠭ ᠤᠨ ᠤᠷᠠᠯᠢᠭᠴᠢᠳ ᠥᠪᠡᠷ ᠢᠶᠠᠨ ᠰᠤᠳᠤᠯᠤᠨ ᠨᠡᠭᠡᠭᠡᠵᠦ᠂ ᠡᠷᠳᠡᠨᠢ ᠰᠢᠰᠢ ᠶᠢᠨ ᠬᠠᠯᠢᠰᠤ ᠪᠠᠷ ᠨᠡᠬᠡᠬᠦ ᠤᠷ᠎ᠠ | ᠮᠡᠷᠭᠡᠵᠢᠯ ᠢ ᠤᠷᠠᠯᠢᠭ ᠤᠨ ᠲᠠᠯ᠎ᠠ ᠪᠠᠷ ᠳᠠᠬᠢᠨ ᠳᠡᠰ ᠳᠡᠪᠰᠢᠭᠦᠯᠵᠦ᠂ ᠡᠷᠳᠡᠨᠢ ᠰᠢᠰᠢ ᠶᠢᠨ ᠠᠷᠠᠰᠤ ᠪᠠᠷ ᠭᠦᠷᠦᠭᠰᠡᠨ | ᠦᠢᠯᠡᠳᠬᠦᠨ ᠨᠢ ᠴᠦ ᠲᠠᠰᠤᠷᠠᠯᠲᠠ ᠦᠭᠡᠢ ᠰᠢᠨ᠎ᠡ ᠶᠢ ᠡᠭᠦᠳᠴᠦ ᠬᠥᠭᠵᠢᠵᠡᠢ᠃ ᠣᠯᠠᠨ ᠢᠶᠠᠷ ᠢᠶᠠᠨ ᠤᠯᠠᠮᠵᠢᠯᠠᠯᠲᠤ | ᠤᠷ᠎ᠠ ᠮᠡᠷᠭᠡᠵᠢᠯ ᠤᠨ ᠣᠬᠢ ᠰᠣᠳᠣ ᠶᠢ ᠵᠠᠯᠭᠠᠮᠵᠢᠯᠠᠭᠰᠠᠨ ᠢᠶᠠᠷ ᠪᠠᠷᠠᠬᠤ ᠦᠭᠡᠢ ᠪᠠᠰᠠ ᠭᠦᠶᠡᠩ ᠰᠢᠶᠠᠨ ᠤ ᠲᠤᠰ | ᠨᠤᠲᠤᠭ ᠤᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠪᠣᠯᠤᠨ ᠠᠷᠠᠳ ᠤᠨ ᠵᠠᠩ ᠦᠢᠯᠡ ᠶᠢᠨ ᠡᠯᠧᠮᠧᠨ᠋ᠲ ᠢ | ᠠᠭᠤᠰᠤᠯᠴᠠᠭᠤᠯᠵᠤ᠂ ᠡᠨᠡᠬᠦ ᠤᠷ᠎ᠠ ᠮᠡᠷᠭᠡᠵᠢᠯ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠪᠠ᠃ | ᠤᠷᠠᠨ ᠭᠠᠷ ᠨᠢ ᠡᠷᠳᠡᠨᠢ ᠰᠢᠰᠢ ᠶᠢᠨ ᠬᠠᠯᠢᠰᠤ ᠶᠢ ᠡᠯ᠎ᠡ ᠵᠦᠢᠯ ᠤᠨ ᠪᠣᠳᠠᠲᠤ ᠬᠡᠷᠡᠭᠯᠡᠭᠡᠨ ᠤ ᠠᠮᠢᠳᠤᠷᠠᠯ ᠤᠨ | ᠬᠡᠷᠡᠭᠰᠡᠯ ᠪᠣᠯᠤᠨ ᠭᠤᠶᠣ ᠰᠠᠶᠢᠬᠠᠨ ᠤᠷᠠᠯᠢᠭ ᠤᠨ ᠪᠦᠲᠦᠭᠡᠯ ᠪᠣᠯᠭᠠᠨ ᠰᠦᠯᠵᠢᠵᠦ᠂ ᠪᠦᠲᠦᠭᠡᠯ ᠨᠢ ᠬᠡᠷᠡᠭᠯᠡᠭᠡᠨ ᠤ | ᠴᠢᠨᠠᠷᠲᠠᠢ ᠮᠥᠷᠲᠡᠭᠡᠨ ᠤᠷᠠᠯᠢᠭ ᠤᠨ ᠮᠡᠳᠡᠷᠡᠮᠵᠢ ᠲᠠᠢ ᠪᠠᠶᠢᠵᠤ᠂ ᠤᠷᠠᠨ ᠳᠠᠷᠬᠠᠨ ᠤ ᠬᠥᠮᠦᠰ ᠤᠨ ᠣᠶᠤᠨ ᠤᠬᠠᠭᠠᠨ | ᠪᠣᠯᠤᠨ ᠠᠵᠢᠯᠴᠢ ᠬᠥᠳᠡᠯᠮᠦᠷᠢᠴᠢ ᠶᠢ ᠠᠴᠢᠶᠠᠯᠠᠵᠤ ᠪᠠᠶᠢᠬᠤ ᠪᠥᠭᠡᠳ ᠪᠠᠰᠠ ᠤᠯᠠᠮᠵᠢᠯᠠᠯ ᠪᠣᠯᠤᠨ ᠣᠳᠣ ᠦᠶ᠎ᠡ ᠶᠢᠨ | ᠲᠡᠭᠦᠰ ᠰᠠᠶᠢᠬᠠᠨ ᠤᠶᠠᠯᠳᠤᠯ ᠢ ᠭᠡᠷᠡᠴᠢᠯᠡᠵᠦ᠂ ᠠᠭᠤᠯᠠᠷᠬᠠᠭ ᠣᠷᠣᠨ ᠤ ᠥᠪᠡᠷᠮᠢᠴᠡ ᠰᠣᠶᠣᠯ ᠤᠨ ᠷᠢᠳᠢ ᠰᠢᠳᠢ | ᠪᠣᠯᠤᠨ ᠭᠤᠸ᠎ᠠ ᠰᠠᠶᠢᠬᠠᠨ ᠤ ᠬᠥᠭᠡᠭᠡᠴᠡᠯᠳᠦᠯ ᠢ ᠢᠯᠡᠷᠡᠭᠦᠯᠪᠡ᠃ ᠭᠦᠶᠡᠩ ᠰᠢᠶᠠᠨ ᠤ ᠡᠮᠡᠭᠲᠡᠶᠢᠴᠦᠳ ᠤᠨ | ᠬᠤᠯᠪᠣᠭ᠎ᠠ ᠶᠢᠨ ᠲᠡᠷᠢᠭᠦᠯᠡᠭᠴᠢ ᠵᠣᠣ ᠵᠢᠩ ᠵᠢᠩ ᠲᠠᠨᠢᠯᠴᠠᠭᠤᠯᠬᠤ ᠳᠠᠭᠠᠨ᠂ ᠣᠯᠠᠨ ᠢᠶᠠᠷ ᠢᠶᠠᠨ ᠰᠠᠶᠢᠨ ᠬᠢᠭᠰᠡᠨ | ᠪᠦᠲᠦᠭᠡᠭᠳᠡᠬᠦᠨ ᠢᠶᠠᠨ ᠬᠤᠳᠠᠯᠳᠤᠬᠤ ᠳᠤ ᠰᠠᠨᠠᠭ᠎ᠠ ᠵᠣᠪᠠᠭ᠋ᠤ ᠦᠭᠡᠢ᠂ ᠪᠣᠷᠣᠯᠠᠭᠤᠯᠬᠤ ᠵᠠᠮ ᠮᠠᠰᠢ ᠰᠠᠶᠢᠨ ᠪᠠᠶᠢᠨ᠎ᠠ᠃ | ᠣᠳᠣ ᠣᠯᠠᠨ ᠢᠶᠠᠷ ᠢᠶᠠᠨ ᠡᠨᠡ ᠬᠦ ᠪᠠᠶᠢᠭᠠᠯᠢᠯᠢᠭ ᠠᠮᠢ ᠠᠬᠤᠢ ᠶᠢᠨ ᠦᠢᠯᠡᠳᠬᠡᠯ ᠤᠷᠠᠯᠠᠯ ᠢ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨ᠎ᠠ ᠴᠥᠮ ᠪᠣᠷᠣᠯᠠᠭᠤᠯᠬᠤ ᠠᠷᠭ᠎ᠠ ᠵᠠᠮ ᠲᠠᠢ ᠪᠠᠶᠢᠵᠤ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ | ᠭᠠᠵᠠᠷ ᠤᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠦᠢᠯᠡᠳᠪᠦᠷᠢᠯᠡᠯ ᠤᠨ ᠵᠠᠭᠪᠤᠷ ᠲᠠᠢ ᠪᠥᠭᠡᠳ | ᠬᠤᠳᠠᠯᠳᠤᠨ ᠠᠪᠴᠤ ᠵᠠᠬᠢᠶᠠᠯᠠᠨ ᠦᠢᠯᠡᠳᠴᠦ ᠣᠷᠣᠯᠠᠨ ᠪᠣᠷᠣᠯᠠᠭᠤᠯᠬᠤ ᠪᠣᠷᠣᠯᠠᠭᠤᠯᠭ᠎ᠠ ᠶᠢᠨ ᠵᠠᠭᠪᠤᠷ ᠢ ᠬᠡᠷᠡᠭᠯᠡᠵᠦ᠂ | ᠣᠳᠣᠬᠠᠨ ᠳᠤ ᠨᠢᠭᠡᠨᠲᠡ ᠡᠪᠡᠰᠦᠨ ᠭᠦᠷᠦᠮᠡᠯ ᠤᠨ ᠮᠡᠷᠭᠡᠵᠢᠯ ᠤᠨ ᠪᠣᠯᠪᠠᠰᠤᠷᠠᠯ᠂ ᠲᠦᠭᠦᠬᠡᠢ ᠮᠠᠲ᠋ᠧᠷᠢᠶᠠᠯ ᠤᠨ | ᠬᠠᠩᠭᠠᠯᠭ᠎ᠠ᠂ ᠵᠠᠬᠢᠶᠠᠯᠠᠭ᠎ᠠ ᠶᠢᠨ ᠦᠢᠯᠡᠳᠪᠦᠷᠢᠯᠡᠯ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠪᠣᠷᠣᠯᠠᠭᠤᠯᠭ᠎ᠠ ᠶᠢᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠡᠩ ᠤᠨ ᠦᠶ᠎ᠡ ᠶᠢᠨ ᠬᠠᠶᠠᠭᠳᠠᠮᠠᠯ ᠡᠷᠳᠡᠨᠢ | ᠰᠢᠰᠢ ᠶᠢ ᠨᠢᠭᠡ ᠬᠤᠣᠰ ᠤᠷᠠᠨ ᠢᠶᠠᠷ ᠥᠩᠭᠡᠷᠡᠭᠡᠵᠦ᠂ ᠨᠢᠭᠡ ᠨᠢᠭᠡ ᠨᠠᠷᠢᠯᠢᠭ ᠰᠠᠶᠢᠬᠠᠨ ᠭᠡᠷ ᠤᠨ ᠬᠡᠷᠡᠭᠰᠡᠯ ᠵᠢᠴᠢ | ᠭᠠᠷ ᠤᠷᠠᠯᠠᠯ ᠤᠨ ᠪᠦᠲᠦᠭᠡᠭᠳᠡᠬᠦᠨ ᠪᠣᠯᠵᠣ᠂ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠭᠳᠠᠵᠤ ᠪᠠᠶᠢᠨ᠎ᠠ᠃ | ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠭᠡᠷ ᠠᠴᠠ ᠪᠠᠨ ᠭᠠᠷᠬᠤ ᠦᠭᠡᠢ ᠪᠠᠷ ᠠᠮᠢᠳᠤᠯᠢᠭ ᠢᠶᠠᠷ | ᠠᠵᠢᠯ ᠣᠯᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠪᠡ᠃ | ᠣᠳᠣᠬᠠᠨ ᠳᠤ᠂ ᠭᠦᠶᠡᠩ ᠰᠢᠶᠠᠨ 60 ᠡᠷᠳᠡᠨᠢ ᠰᠢᠰᠢ ᠶᠢᠨ ᠠᠷᠠᠰᠤᠨ ᠰᠦᠯᠵᠢᠮᠡᠯ ᠨᠡᠬᠡᠮᠡᠯ ᠤᠨ ᠮᠡᠷᠭᠡᠵᠢᠯ ᠤᠨ | ᠳᠠᠭᠠᠭᠤᠯᠤᠭᠴᠢ ᠶᠢ ᠬᠥᠭᠵᠢᠭᠦᠯᠵᠦ᠂ ᠡᠯ᠎ᠡ ᠲᠣᠰᠬᠤᠨ ᠪᠠᠯᠭᠠᠰᠤ ᠬᠦᠷᠲᠡᠯ᠎ᠡ ᠨᠥᠯᠥᠭᠡᠯᠡᠨ᠂ ︽ᠨᠢᠭᠡ ᠲᠣᠰᠬᠤᠨ | ᠨᠢᠭᠡ ᠪᠦᠲᠦᠭᠡᠭᠳᠡᠬᠦᠨ︾ ᠤ ᠣᠨᠴᠠᠯᠢᠭᠲᠤ ᠭᠠᠷ ᠤᠷᠠᠯᠠᠯ ᠢ ᠡᠭᠦᠳᠴᠦ᠂ ᠵᠢᠯ ᠪᠦᠷᠢ 400 ᠬᠥᠮᠦᠨ ᠢ | ᠪᠣᠯᠪᠠᠰᠤᠷᠠᠭᠤᠯᠵᠤ᠂ ᠣᠷᠣᠯᠴᠠᠭᠰᠠᠨ ᠡᠮᠡᠭᠲᠡᠶᠢᠴᠦᠳ ᠤᠨ ᠬᠠᠮᠲᠤᠯᠢᠭ 45 ᠨᠠᠰᠤᠨ ᠠᠴᠠ 70 ᠨᠠᠰᠤ ᠬᠦᠷᠲᠡᠯ᠎ᠡ | ᠴᠥᠮ ᠪᠠᠶᠢᠨ᠎ᠠ᠃ ᠭᠠᠵᠠᠷ ᠪᠣᠯᠭᠠᠨ ᠳᠤ ᠪᠠᠶᠠᠷ ᠬᠥᠷ ᠢᠶᠠᠷ ᠪᠢᠯᠬᠠᠵᠤ᠂ ︽ᠤᠷᠠᠨ ᠳᠠᠷᠬᠠᠨ︾ ᠤ ᠭᠠᠷ ᠤᠷᠠᠯᠠᠯ᠂ | ᠨᠢᠭᠡ ᠨᠢᠭᠡ ᠨᠠᠷᠢᠯᠢᠭ ᠰᠠᠶᠢᠬᠠᠨ ᠨᠡᠬᠡᠮᠡᠯ ᠪᠠᠷᠠᠭ᠎ᠠ ᠵᠠᠬ᠎ᠠ ᠳᠡᠯᠭᠡᠭᠦᠷ ᠲᠤ ᠭᠠᠷᠪᠠ᠃ |