6 ᠳ᠋ᠤᠭᠠᠷ ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ | ᠤᠷᠠᠯᠢᠭ ᠤᠨ ᠬᠢᠨ ᠤ ᠬᠤᠯᠪᠣᠭ᠎ᠠ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠬᠤᠷᠢᠶᠠᠨ ᠤ ᠤᠬᠠᠭᠤᠯᠬᠤ ᠬᠡᠯᠲᠡᠰ ᠠᠴᠠ | ᠭᠤᠣᠯᠯᠠᠨ ᠡᠷᠬᠢᠯᠡᠭᠰᠡᠨ ︽ᠲᠣᠰᠬᠤᠨ ᠤ ᠳᠠᠭᠤᠤ ᠬᠠᠩᠭᠢᠨᠠᠮ᠎ᠠ ᠰᠠᠶᠢᠬᠠᠨ︾ 2024 ᠣᠨ ᠤ ᠥᠪᠥᠷ ᠮᠣᠩᠭᠤᠯ ᠤᠨ | ᠲᠣᠰᠬᠤᠨ ᠤ ᠳᠠᠭᠤᠤ ᠶᠢᠨ ᠲᠠᠪᠴᠠᠩ ᠤᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠳᠤ ᠶᠠᠪᠤᠭᠳᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ | ᠬᠤᠷᠢᠨ ᠲᠥᠯᠥᠭᠡᠯᠡᠭᠴᠢᠳ ᠤᠨ ᠠᠩᠭᠢ ᠲᠤᠰ ᠤᠳᠠᠭᠠᠨ ᠤ ᠤᠷᠤᠯᠳᠤᠭᠠᠨ ᠳᠤ ᠣᠷᠣᠯᠴᠠᠪᠠ᠃ | ᠪᠤᠭᠤᠲᠤ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠰᠣᠩᠭᠤᠨ ᠬᠦᠷᠭᠡᠭᠰᠡᠨ ᠲᠣᠰᠬᠤᠨ ᠤ | ᠳᠠᠭᠤᠤ ︽ᠭᠦᠶᠡᠩ ᠤᠨ ᠪᠣᠯᠪᠠᠰᠤᠨ ᠲᠣᠰᠬᠤᠨ︾ ᠴᠣᠯᠭᠤᠷᠠᠨ ᠭᠠᠷᠴᠤ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ 2024 ᠣᠨ ᠤ ︽ᠬᠠᠮᠤᠭ ᠤᠨ ᠭᠤᠶᠣ ᠲᠣᠰᠬᠤᠨ ᠤ ᠳᠠᠭᠤᠤ︾ ᠶᠢ ᠭᠥᠷᠳᠡᠪᠡ᠃ ︽ᠭᠦᠶᠡᠩ | ᠰᠢᠶᠠᠨ ᠤ ᠪᠣᠯᠪᠠᠰᠤᠨ ᠲᠣᠰᠬᠤᠨ︾ ᠢ ᠭᠦᠶᠡᠩ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ | ᠲᠡᠷᠢᠭᠦᠯᠡᠭᠴᠢ ᠯᠢ ᠴᠦᠨ ᠦᠭᠡ ᠬᠡᠯᠡᠵᠦ᠂ ᠪᠤᠭᠤᠲᠤ ᠬᠤᠲᠠ ᠶᠢᠨ ᠳᠠᠭᠤᠤ ᠬᠥᠭᠵᠢᠮᠴᠢᠳ ᠤᠨ ᠨᠡᠶᠢᠭᠡᠮᠯᠢᠭ ᠤᠨ | ᠨᠡᠷ᠎ᠡ ᠬᠦᠨᠳᠦᠲᠦ ᠳᠡᠳ᠋ ᠲᠡᠷᠢᠭᠦᠯᠡᠭᠴᠢ ᠵᠠᠩ ᠮᠢᠩ ᠬᠤᠸᠠᠢ ᠠᠶ᠎ᠠ ᠵᠣᠬᠢᠶᠠᠵᠤ᠂ ᠪᠤᠭᠤᠲᠤ ᠬᠤᠲᠠ ᠶᠢᠨ ᠠᠯᠳᠠᠷᠲᠤ | ᠳᠠᠭᠤᠴᠢᠨ ᠸᠠᠩ ᠰᠢᠶᠣᠤ ᠠᠢ ᠳᠠᠭᠤᠤ ᠳᠠᠭᠤᠯᠠᠵᠤ᠂ ᠸᠠᠨ ᠱᠧᠩ ᠬᠤᠤ ᠲᠣᠰᠬᠤᠨ ᠤ ᠤᠳᠬ᠎ᠠ ᠤᠷᠠᠯᠢᠭ ᠤᠨ | ᠪᠦᠯᠬᠦᠮ ᠤᠨ ᠬᠠᠮᠲᠤ ᠪᠥᠵᠢᠭᠯᠡᠪᠡ᠃ | ᠪᠦᠬᠦ ᠤᠯᠤᠰ ᠤᠨ ᠪᠣᠯᠪᠠᠰᠤᠨ ᠲᠣᠰᠬᠤᠨ ᠶᠢᠨ ᠱᠠᠨ ᠪᠠᠯᠭᠠᠰᠤᠨ ᠤ ᠸᠠᠨ ᠱᠧᠩ ᠬᠤᠣ ᠲᠣᠰᠬᠤᠨ ᠤ ᠦᠵᠡᠮᠵᠢ | ᠳᠠᠭᠤᠤ ᠶᠢᠨ ᠦᠭᠡ ᠨᠢ ᠸᠠᠨ ᠱᠧᠩ ᠬᠤᠤ ᠲᠣᠰᠬᠤᠨ ᠤ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠦᠵᠡᠮᠵᠢ ᠵᠢᠴᠢ | ᠲᠣᠰᠬᠤᠨ ᠤ ᠠᠷᠠᠳ ᠤᠨ ᠪᠦᠬᠦ ᠤᠯᠤᠰ ᠤᠨ ᠪᠣᠯᠪᠠᠰᠤᠨ ᠲᠣᠰᠬᠤᠨ ᠳᠤ ᠡᠶ᠎ᠡ ᠵᠣᠬᠢᠴᠠᠩᠭᠤᠢ ᠵᠣᠯ ᠵᠢᠷᠭᠠᠯᠲᠤ ᠰᠢᠨ᠎ᠡ | ᠠᠮᠢᠳᠤᠷᠠᠯ ᠢ ᠠᠮᠢᠳᠤᠯᠢᠭ ᠢᠶᠠᠷ ᠵᠢᠷᠤᠭᠯᠠᠵᠠᠢ᠃ ᠳᠠᠭᠤᠤ ᠶᠢᠨ ᠠᠶᠠᠰ ᠨᠢ ᠬᠠᠩᠭᠢᠨᠠᠮ᠎ᠠ ᠰᠠᠶᠢᠬᠠᠨ ᠪᠠᠶᠢᠵᠤ᠂ | ᠤᠯᠠᠮᠵᠢᠯᠠᠯᠲᠤ ᠠᠷᠠᠳ ᠤᠨ ᠳᠠᠭᠤᠤ ᠶᠢᠨ ᠬᠥᠭ ᠠᠶᠠᠰ ᠲᠠᠢ ᠮᠥᠷᠲᠡᠭᠡᠨ ᠪᠠᠰᠠ ᠣᠳᠣ ᠦᠶ᠎ᠡ ᠶᠢᠨ ᠳᠠᠭᠤᠤ | ᠬᠥᠭᠵᠢᠮ ᠤᠨ ᠡᠯᠧᠮᠧᠨ᠋ᠲ ᠢ ᠠᠭᠤᠰᠬᠠᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠰᠣᠶᠣᠯ ᠤᠨ | ᠰᠢᠨ᠎ᠡ ᠶᠢ ᠡᠭᠦᠳᠬᠦ ᠪᠠ ᠬᠥᠭᠵᠢᠬᠦ ᠶᠢ ᠢᠯᠡᠷᠡᠭᠦᠯᠪᠡ᠃ ᠲᠣᠭᠯᠠᠭᠴᠢᠳ ᠳᠠᠭᠤᠤ ᠪᠠ ᠪᠥᠵᠢᠭ ᠢᠶᠠᠷ ᠨᠤᠲᠤᠭ | ᠤᠰᠤᠨ ᠤ ᠪᠠᠨ ᠬᠠᠶᠢᠷ᠎ᠠ ᠪᠠ ᠠᠮᠢᠳᠤᠷᠠᠯ ᠤᠨ ᠮᠠᠭᠲᠠᠭᠠᠯ ᠰᠠᠶᠢᠰᠢᠶᠠᠯ ᠢ ᠣᠯᠵᠤ᠂ ᠰᠡᠳᠬᠢᠯ ᠬᠥᠳᠡᠯᠭᠡᠮ᠎ᠡ | ᠳᠠᠭᠤᠤ ᠨᠤᠭᠤᠳ ᠨᠢ ᠰᠣᠨᠣᠰᠣᠭᠴᠢᠳ ᠲᠤ ᠬᠠᠶᠢᠷ᠎ᠠ ᠬᠠᠯᠠᠮᠵᠢ ᠪᠠ ᠬᠦᠴᠦᠨ ᠴᠢᠳᠠᠯ ᠢ ᠮᠡᠳᠡᠷᠡᠭᠦᠯᠦᠨ᠎ᠡ᠃ |