6 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ | 2024 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ | ᠰᠢᠶᠠᠩ ᠯᠢᠨ ᠬᠤᠷᠠᠯ ᠢ ᠡᠷᠬᠢᠯᠡᠪᠡ᠃ ᠪᠥᠬᠦ ᠰᠢᠶᠠᠨ ᠤ ᠱᠠᠲᠤᠨ ᠤ ᠤᠳᠤᠷᠢᠳᠤᠯᠭ᠎ᠠ︔ ᠡᠯ᠎ᠡ ᠪᠠᠯᠭᠠᠰᠤ᠂ ᠰᠢᠶᠠᠨ ᠤ | ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠬᠤᠷᠠᠯ ᠠᠴᠠ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠤᠯᠢ ᠶᠢᠨ | ᠤᠬᠠᠭᠠᠨ ᠤ ᠵᠢᠭᠠᠨ ᠰᠤᠳᠤᠯᠬᠤ ᠲᠠᠰᠤᠭ ᠤᠨ ᠯᠧᠺᠲ᠋ᠣᠷ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠯᠧᠺᠲ᠋ᠣᠷ ᠤᠨ ᠪᠦᠯᠬᠦᠮ ᠤᠨ ᠪᠦᠷᠢᠯᠳᠦᠬᠦᠨ ᠯᠢᠦᠢ ᠬᠤᠢ ᠫᠢᠩ ᠢ ᠤᠷᠢᠵᠤ ︽ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠶᠢ ᠠᠬᠢᠭᠤᠯᠬᠤ︾ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ | ᠯᠢᠦᠢ ᠬᠤᠢ ᠫᠢᠩ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ | ᠂ ᠭᠤᠣᠯ ᠠᠭᠤᠯᠭ᠎ᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭᠠᠨ ᠤ ᠪᠦᠷᠢᠯᠳᠦᠯ ᠪᠣᠯᠤᠨ ᠬᠥᠭᠵᠢᠯᠲᠡ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ | ᠭᠤᠣᠯ ᠴᠢᠬᠤᠯᠠ ᠠᠭᠤᠯᠭ᠎ᠠ ᠵᠡᠷᠭᠡ ᠭᠤᠷᠪᠠᠨ ᠲᠠᠯ᠎ᠠ ᠠᠴᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ | ᠬᠥᠭᠵᠢᠯᠲᠡ ᠶᠢᠨ ᠶᠠᠪᠤᠴᠠ ᠶᠢ ᠶᠠᠷᠢᠪᠠ᠃ ᠲᠠᠶᠢᠯᠤᠮᠵᠢ ᠶᠢᠨ ᠭᠤᠣᠯᠳᠠᠯᠭ᠎ᠠ ᠲᠤᠪᠤᠶᠢᠮ᠎ᠠ᠂ ᠠᠭᠤᠯᠭ᠎ᠠ ᠨᠠᠷᠢᠨ ᠪᠣᠳᠠᠲᠠᠢ | ᠂ ᠣᠨᠣᠯ ᠤᠨ ᠲᠣᠳᠣᠷᠬᠠᠶᠢᠯᠠᠯᠲᠠ ᠪᠣᠯᠤᠨ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢ ᠤᠶᠠᠯᠳᠤᠭᠤᠯᠵᠤ᠂ ᠣᠯᠠᠨ ᠢ | ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠨᠡᠩ ᠰᠠᠶᠢᠲᠤᠷ ᠰᠤᠷᠤᠯᠴᠠᠨ ᠣᠶᠢᠯᠠᠭᠠᠭᠤᠯᠵᠤ᠂ | ᠬᠠᠤᠯᠢᠵᠢᠯ ᠤᠨ ᠭᠦᠶᠡᠩ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠨᠢᠭᠡ | ᠴᠣᠭᠴᠠᠵᠢᠭᠤᠯᠤᠨ ᠪᠠᠶᠢᠭᠤᠯᠬᠤ ᠳᠤ ᠮᠠᠰᠢ ᠴᠢᠩᠭ᠎ᠠ ᠬᠠᠨᠳᠤᠯᠭᠠᠲᠤ ᠴᠢᠨᠠᠷ ᠪᠣᠯᠤᠨ ᠵᠢᠯᠣᠭᠤᠳᠬᠤ ᠴᠢᠨᠠᠷ ᠲᠠᠢ | ᠪᠣᠯᠭᠠᠪᠠ᠃ | ᠬᠤᠷᠠᠯ ᠠᠴᠠ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠣᠯ ᠮᠠᠨ ᠤ ᠨᠠᠮ ᠤᠨ ᠲᠥᠷᠥ ᠪᠠᠷᠢᠵᠤ | ᠤᠯᠤᠰ ᠢᠶᠠᠨ ᠮᠠᠨᠳᠤᠭᠤᠯᠬᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ᠂ ᠨᠠᠮ ᠪᠣᠯᠤᠨ ᠤᠯᠤᠰ | ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠲᠠᠢ ᠬᠤᠯᠪᠣᠭᠳᠠᠬᠤ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠠᠰᠠᠭᠤᠳᠠᠯ ᠪᠣᠯᠤᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷ ᠰᠢ ᠶᠢᠨ ᠫᠢᠩ ᠤᠨ ᠬᠠᠤᠯᠢᠵᠢᠯ ᠤᠨ | ᠦᠵᠡᠯ ᠰᠠᠨᠠᠭᠠᠨ ᠤ ᠭᠤᠣᠯ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠣᠶᠢᠯᠠᠭᠠᠵᠤ᠂ ᠰᠢ ᠶᠢᠨ | ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ᠂ | ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠰᠠᠬᠢᠨ ᠬᠠᠮᠠᠭᠠᠯᠠᠬᠤ ᠪᠣᠳᠠᠲᠠᠢ ᠠᠵᠢᠯ ᠳᠤ ᠦᠨᠡᠨ ᠬᠦ | ᠠᠭᠤᠰᠤᠯᠴᠠᠭᠤᠯᠬᠤ ᠬᠡᠷᠡᠭᠲᠡᠢ᠃ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ | ᠬᠡᠷᠡᠭᠯᠡᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ | ᠂ ᠤᠬᠠᠮᠰᠠᠷ ᠠᠴᠠ ᠪᠠᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠡᠷᠡᠰ ᠪᠠᠲᠤ ᠰᠢᠲᠦᠭᠴᠢ᠂ | ᠢᠳᠡᠪᠬᠢᠲᠡᠢ ᠪᠠᠷ ᠤᠯᠠᠮᠵᠢᠯᠠᠭᠴᠢ᠂ ᠵᠢᠱᠢᠶᠡᠴᠢ ᠦᠢᠯᠡᠳᠦᠯᠭᠡᠵᠢᠭᠦᠯᠦᠭᠴᠢ ᠪᠣᠯᠵᠤ᠂ ᠪᠣᠳᠠᠲᠤ ᠠᠵᠢᠯᠯᠠᠭ᠎ᠠ ᠪᠠᠷ ᠢᠶᠠᠨ | ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠳᠠᠲᠠᠢ | ᠠᠵᠢᠯᠯᠠᠭ᠎ᠠ ᠪᠠᠷ ᠢᠶᠠᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ | ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠠᠤᠯᠢ ᠪᠠᠷ ᠵᠠᠰᠠᠬᠤ ᠰᠠᠶᠢᠨ | ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠬᠤ ᠬᠡᠷᠡᠭᠲᠡᠢ᠃ |