ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ ᠬᠤᠰᠢᠭᠤᠴᠢ ᠶᠢ ᠪᠣᠢ ᠪᠣᠯᠭᠠᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/7/14
    ᠬᠤᠪᠢᠰᠬᠠᠯᠲᠤ ᠵᠣᠷᠢᠭ ᠰᠠᠨᠠᠭ᠎ᠠ ᠶᠢ ᠳᠠᠬᠢᠨ ᠡᠷᠭᠢᠴᠡᠭᠦᠯᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ 7 ᠰᠠᠷ᠎ᠠ ᠶᠢᠨ 10 ᠤ ᠡᠳᠦᠷ᠂ ᠭᠦᠶᠡᠩ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠪᠠᠶᠢᠭᠤᠯᠭ᠎ᠠ ᠶᠢᠨ ᠨᠠᠮ ᠤᠨ ᠡᠭᠦᠷ ᠭᠦᠶᠡᠩ ᠰᠢᠶᠠᠨ ᠤ ᠰᠢᠩ ᠱᠦᠨ ᠰᠢ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠲᠠᠢ ᠬᠠᠮᠲᠤᠷᠠᠨ ︽ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ ᠬᠤᠰᠢᠭᠤᠴᠢ ᠪᠣᠯᠵᠤ᠂  ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ︾ ᠨᠠᠮ ᠤᠨ ᠡᠭᠦᠷ ᠢ ᠬᠠᠮᠲᠤ ᠪᠠᠷ ᠪᠠᠶᠢᠭᠤᠯᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃    ᠬᠤᠪᠢᠰᠬᠠᠯᠲᠤ ᠰᠣᠶᠣᠯ ᠤᠨ ᠣᠷᠳᠣᠨ ᠢ ᠲᠣᠭᠤᠷᠢᠨ ᠦᠵᠡᠬᠦ ᠠᠵᠢᠯᠯᠠᠭ᠎ᠠ ᠶᠢᠨ ᠨᠢᠭᠡᠳᠦᠭᠡᠷ ᠥᠷᠲᠡᠭᠡ ᠪᠣᠯ ᠰᠢᠶᠠ ᠱᠢ ᠬᠤᠤ ᠪᠠᠯᠭᠠᠰᠤᠨ ᠤ ᠳ᠋ᠠ ᠶᠢᠩᠲᠤ ᠶᠢᠨ ᠨᠦᠬᠡᠨ ᠭᠡᠷ ᠤᠨ ᠬᠤᠪᠢᠰᠬᠠᠯᠲᠤ ᠰᠣᠶᠣᠯ ᠤᠨ ᠣᠷᠳᠣᠨ ᠢ ᠲᠣᠭᠤᠷᠢᠨ ᠦᠵᠡᠵᠦ᠂ ᠭᠠᠯ ᠤᠯᠠᠭᠠᠨ ᠨᠠᠮ ᠤᠨ ᠲᠤᠭ ᠤᠨ ᠡᠮᠦᠨ᠎ᠡ᠂ ᠨᠠᠮ ᠤᠨ ᠭᠡᠰᠢᠭᠦᠳ ᠲᠥᠪ ᠬᠢᠴᠢᠶᠡᠩᠭᠦᠢ ᠪᠠᠷ ᠪᠠᠷᠠᠭᠤᠨ ᠨᠢᠳᠤᠷᠭ᠎ᠠ ᠪᠠᠨ ᠡᠷᠭᠦᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠪᠡ᠃ ᠦᠵᠡᠰᠬᠦᠯᠡᠩ ᠤᠨ ᠣᠷᠳᠣᠨ ᠳᠤ ᠤᠷᠤᠭᠰᠠᠨ ᠤ ᠳᠠᠷᠠᠭ᠎ᠠ᠂ ᠶᠠᠫᠣᠨ ᠢ ᠡᠰᠡᠷᠭᠦᠴᠡᠬᠦ ᠳᠠᠶᠢᠨ ᠤ ᠪᠣᠳᠠᠲᠤ ᠦᠵᠡᠮᠵᠢ ᠶᠢᠨ ᠣᠷᠳᠣᠨ ᠪᠣᠯᠤᠨ ᠰᠣᠶᠣᠯ ᠠᠷᠠᠳ ᠤᠨ ᠵᠠᠩ ᠳᠠᠳᠬᠠᠯ ᠢ ᠣᠶᠢᠯᠠᠭᠠᠬᠤ ᠣᠷᠳᠣᠨ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠪᠣᠯᠤᠨ ᠦᠷᠡᠭᠳᠡᠭᠰᠡᠨ ᠪᠠᠭᠠᠲᠤᠷᠴᠤᠳ ᠤᠨ ᠳᠠᠶᠢᠨ ᠤ ᠭᠠᠯ ᠳᠦᠷᠡᠯᠵᠡᠭᠰᠡᠨ ᠣᠨ ᠵᠢᠯ ᠤᠳ ᠤᠨ ᠪᠠᠭᠠᠲᠤᠷᠯᠢᠭ ᠦᠢᠯᠡ ᠠᠵᠢᠯᠯᠠᠭ᠎ᠠ ᠶᠢ ᠰᠣᠨᠣᠰᠴᠤ᠂ ᠲᠣᠭᠤᠷᠢᠨ ᠦᠵᠡᠬᠦ ᠶᠠᠪᠤᠴᠠ ᠳᠤ᠂ ᠨᠠᠮ ᠤᠨ ᠭᠡᠰᠢᠭᠦᠳ ᠨᠠᠷᠢᠨ ᠬᠢᠨᠠᠮᠠᠭᠠᠢ ᠰᠣᠨᠣᠰᠴᠤ᠂ ᠲᠥᠷᠥᠭᠳᠡᠯ ᠢᠶᠠᠨ ᠰᠣᠯᠢᠯᠴᠠᠵᠤ᠂ ᠬᠤᠪᠢᠰᠬᠠᠯ ᠤᠨ ᠦᠯᠢᠭᠡᠷ ᠳᠤᠮᠳᠠ ᠠᠴᠠ ᠬᠤᠪᠢᠰᠬᠠᠯ ᠤᠨ ᠤᠭ ᠰᠠᠨᠠᠭ᠎ᠠ ᠶᠢ ᠣᠶᠢᠯᠠᠭᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠬᠥᠭᠵᠢᠭᠡᠪᠡ᠃ ᠬᠠᠮᠲᠤ ᠶᠢᠨ ᠬᠠᠮᠵᠢᠯᠴᠠᠭᠠᠨ ᠤ ᠰᠣᠯᠢᠯᠴᠠᠭ᠎ᠠ ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠬᠠᠮᠲᠤ ᠶᠢᠨ ᠬᠠᠮᠵᠢᠯᠴᠠᠨ ᠰᠣᠯᠢᠯᠴᠠᠬᠤ ᠠᠵᠢᠯᠯᠠᠭ᠎ᠠ ᠥᠷᠨᠢᠭᠦᠯᠪᠡ᠃ ᠴᠢᠨ ᠤᠯᠤᠰ ᠤᠨ ᠴᠠᠩ ᠴᠧᠩ ᠰᠣᠶᠣᠯ ᠤᠨ ᠤᠯᠤᠰ ᠤᠨ ᠴᠡᠴᠡᠷᠯᠢᠭ ᠲᠤ ᠬᠦᠷᠴᠦ᠂ ᠴᠢᠨ ᠤᠯᠤᠰ ᠤᠨ ᠤᠷᠲᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠦᠵᠡᠭᠦᠯᠭᠡ ᠶᠢᠨ ᠲᠢᠩᠬᠢᠮ ᠳᠤ᠂ ᠨᠠᠮ ᠤᠨ ᠭᠡᠰᠢᠭᠦᠳ ᠤᠷᠲᠤ ᠴᠠᠭᠠᠨ ᠬᠡᠷᠡᠮ ᠤᠨ ᠦᠯᠢᠭᠡᠷ ᠢ ᠨᠠᠷᠢᠨ ᠬᠢᠨᠠᠮᠠᠭᠠᠢ ᠰᠣᠨᠣᠰᠴᠤ᠂ ᠤᠷᠲᠤ ᠴᠠᠭᠠᠨ ᠬᠡᠷᠡᠮ ᠤᠨ ᠵᠣᠷᠢᠭ ᠰᠠᠨᠠᠭ᠎ᠠ ᠶᠢ ᠣᠶᠢᠯᠠᠭᠠᠪᠠ᠃    ᠣᠯᠠᠨ ᠢᠶᠠᠷ ᠢᠶᠠᠨ ᠴᠢᠨ ᠤᠯᠤᠰ ᠤᠨ ᠤᠷᠲᠤ ᠴᠠᠭᠠᠨ ᠬᠡᠷᠡᠮ ᠤᠨ ᠶᠠᠪᠠᠭᠠᠨ ᠵᠠᠮ ᠢᠶᠠᠷ ᠠᠶᠠᠯᠠᠵᠤ᠂ ᠤᠷᠲᠤ ᠴᠠᠭᠠᠨ ᠬᠡᠷᠡᠮ ᠤᠨ ᠦᠯᠡᠳᠡᠭᠳᠡᠯ ᠢ ᠠᠵᠢᠭᠯᠠᠬᠤ ᠶᠢᠨ ᠬᠠᠮᠲᠤ ᠤᠷᠲᠤ ᠴᠠᠭᠠᠨ ᠬᠡᠷᠡᠮ ᠤᠨ ᠰᠦᠷ ᠵᠢᠪᠬᠤᠭ᠎ᠠ ᠶᠢ ᠮᠡᠳᠡᠷᠡᠵᠦ᠂ ᠥᠨᠢ ᠤᠳᠠᠭᠠᠨ ᠲᠡᠦᠬᠡ ᠰᠣᠶᠣᠯ ᠪᠣᠯᠤᠨ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠮᠡᠳᠡᠷᠡᠵᠡᠢ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠲᠤᠰ ᠤᠳᠠᠭᠠᠨ ᠤ ᠬᠠᠮᠲᠤᠷᠠᠭᠰᠠᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠬᠤᠶᠠᠷ ᠨᠠᠮ ᠤᠨ ᠡᠭᠦᠷ ᠬᠠᠷᠢᠯᠴᠠᠨ ᠰᠤᠷᠤᠯᠴᠠᠵᠤ᠂ ᠬᠠᠷᠢᠯᠴᠠᠨ ᠰᠣᠯᠢᠯᠴᠠᠵᠤ᠂ ᠬᠦᠰᠡᠯᠡᠩ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠪᠠ᠃ ᠣᠯᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠨᠠᠮ ᠤᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠳᠤᠮᠳᠠ ᠲᠠᠰᠤᠷᠠᠯᠲᠠ ᠦᠭᠡᠢ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号