ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠰᠢ ᠳ᠋ᠧᠦ ᠫᠦ᠋ ᠪᠠᠯᠭᠠᠰᠤᠨ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/7/14
    ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠳᠤ ᠬᠥᠳᠡᠭᠡ ᠲᠣᠰᠬᠤᠨ ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤ ᠺᠠᠳ᠋ᠷᠴᠤᠳ ᠤᠨ ᠤᠯᠤᠰ ᠲᠥᠷᠥ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠰᠢ ᠳ᠋ᠧᠦ ᠫᠦ᠋ ᠪᠠᠯᠭᠠᠰᠤᠨ ᠳᠤ ᠬᠦᠷᠴᠦ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃     ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠹᠠᠩ ᠢᠦᠢ ︽ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ᠂ ᠭᠠᠨᠰᠦ ᠮᠤᠵᠢ ᠶᠢᠨ ᠯᠢᠩ ᠲᠠᠢ ᠰᠢᠶᠠᠨ ᠤ ᠱᠠᠩ ᠯᠢᠶᠠᠩ ᠪᠠᠯᠭᠠᠰᠤᠨ ᠤ ᠪᠧᠢ ᠵᠠᠩ ᠲᠣᠰᠬᠤᠨ᠂ ᠱᠠᠨ ᠰᠢ ᠮᠤᠵᠢ ᠶᠢᠨ ᠶᠠᠩ ᠴᠢᠦᠸᠡᠨ ᠬᠤᠲᠠ ᠶᠢᠨ ᠫᠢᠩ ᠳ᠋ᠢᠩ ᠰᠢᠶᠠᠨ ᠤ ᠭᠤᠸᠠᠨ ᠱᠠᠨ ᠪᠠᠯᠭᠠᠰᠤᠨ ᠤ ᠴᠢᠦᠸᠡᠢ ᠱᠠᠨ ᠲᠣᠰᠬᠤᠨ ᠵᠡᠷᠭᠡ ᠠᠮᠵᠢᠯᠲᠠ ᠲᠠᠢ ᠵᠢᠱᠢᠶ᠎ᠡ ᠲᠠᠢ ᠤᠶᠠᠯᠳᠤᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠠᠷᠭ᠎ᠠ ᠪᠣᠳᠣᠯᠭ᠎ᠠ ᠶᠢᠨ ᠠᠷᠭ᠎ᠠ ᠵᠠᠮ ᠢ ᠠᠮᠢᠳᠤᠯᠢᠭ ᠢᠶᠠᠷ ᠲᠠᠶᠢᠯᠪᠤᠷᠢᠯᠠᠪᠠ᠃     ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠭᠦᠸᠧ ᠢ ᠰᠢᠤᠸᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ︾ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠭᠤᠯᠤᠭᠳᠠᠬᠤᠨ ᠪᠣᠯᠤᠨ ᠡᠬᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠦᠨᠳᠦᠰᠦᠨ ᠠᠷᠭ᠎ᠠ ᠵᠠᠮ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠠᠬᠢᠭᠤᠯᠬᠤ ᠲᠤᠬᠠᠢ ᠤᠬᠠᠭᠤᠯᠤᠨ ᠲᠠᠶᠢᠯᠪᠤᠷᠢᠯᠠᠵᠤ᠂ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠣᠬᠤᠷ ᠹᠢᠯᠢᠮ ᠢᠶᠠᠷ ᠬᠠᠪᠰᠤᠷᠤᠮᠵᠢ ᠪᠣᠯᠭᠠᠵᠤ᠂ ᠣᠯᠠᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠪᠠᠷ ᠢᠶᠠᠨ ᠬᠡᠪ ᠳᠦᠷᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢ ᠠᠵᠢᠯ ᠤᠨ ᠪᠣᠳᠠᠲᠤ ᠪᠠᠶᠢᠳᠠᠯ ᠳᠤ ᠠᠭᠤᠰᠤᠯᠴᠠᠭᠤᠯᠪᠠ᠃ ᠤᠬᠠᠭᠤᠯᠤᠨ ᠲᠠᠶᠢᠯᠪᠤᠷᠢᠯᠠᠭᠴᠢ ᠭᠡᠰᠢᠭᠦᠨ ᠯᠢᠦ ᠴᠠᠩ ᠡᠯ ︽ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠶᠢ ᠰᠡᠷᠭᠦᠭᠡᠬᠦ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ︾ ᠢᠶᠠᠷ ᠭᠠᠷᠳᠠᠬᠤ ᠴᠡᠭ ᠪᠣᠯᠭᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠶᠢ ᠰᠡᠷᠭᠦᠭᠡᠬᠦ ᠪᠠ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠬᠠᠮᠢᠶ᠎ᠠ ᠪᠦᠬᠦᠢ ᠲᠣᠭᠲᠠᠭᠠᠯ ᠵᠢᠴᠢ ᠨᠡᠶᠢᠲᠡᠯᠢᠭ ᠬᠡᠷᠡᠭ ᠤᠨ ᠵᠢᠱᠢᠶ᠎ᠡ ᠶᠢ ᠨᠠᠷᠢᠨ ᠲᠠᠶᠢᠯᠪᠤᠷᠢᠯᠠᠵᠤ᠂ ᠣᠯᠠᠨ ᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     ᠬᠠᠮᠤᠭ ᠰᠡᠭᠦᠯ ᠳᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢ ᠯᠢᠩ ᠪᠢᠨ ᠰᠢ ᠳ᠋ᠧᠦ ᠫᠦ᠋ ᠪᠠᠯᠭᠠᠰᠤ ᠶᠢ ᠲᠥᠯᠥᠭᠡᠯᠡᠨ ᠪᠠᠭᠰᠢ ᠨᠠᠷ ᠪᠣᠯᠤᠨ ᠬᠠᠮᠲᠤ ᠰᠤᠷᠤᠭᠴᠢᠳ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠦ᠂ ᠬᠠᠮᠲᠤ ᠰᠤᠷᠤᠭᠴᠢᠳ ᠤᠨ ᠬᠦᠰᠡᠯ ᠵᠡᠭᠦᠳᠦ ᠪᠠᠨ ᠡᠪᠦᠷᠯᠡᠨ᠂ ᠰᠢᠪᠠᠷ ᠰᠢᠷᠣᠢ ᠭᠢᠰᠬᠢᠵᠦ᠂ ᠪᠠᠯᠭᠠᠰᠤ ᠲᠣᠰᠬᠤᠨ ᠤ ᠺᠠᠳ᠋ᠷ᠂ ᠣᠯᠠᠨ ᠲᠦᠮᠡᠨ ᠲᠠᠢ ᠢᠯᠡᠭᠦᠬᠡᠨ ᠰᠣᠯᠢᠯᠴᠠᠨ ᠬᠤᠪᠢᠶᠠᠯᠴᠠᠵᠤ᠂ ᠦᠨᠳᠦᠰᠦᠨ ᠱᠠᠲᠤᠨ ᠤ ᠠᠵᠢᠯ ᠢ ᠣᠶᠢᠯᠠᠭᠠᠵᠤ᠂ ᠬᠥᠳᠡᠭᠡ ᠲᠣᠰᠬᠤᠨ ᠤ ᠠᠮᠢᠳᠤᠷᠠᠯ ᠢ ᠣᠶᠢᠯᠠᠭᠠᠵᠤ᠂ ᠪᠣᠳᠣᠭᠰᠠᠨ ᠢᠶᠠᠨ ᠦᠯᠡᠳᠡᠭᠡᠬᠦ ᠶᠢᠨ ᠬᠠᠮᠲᠤ ᠣᠯᠠᠨ ᠢᠶᠠᠷ ᠢᠶᠠᠨ ᠲᠡᠭᠦᠰᠦᠭᠰᠡᠨ ᠤ ᠳᠠᠷᠠᠭ᠎ᠠ ᠦᠨᠳᠦᠰᠦᠨ ᠱᠠᠲᠤᠨ ᠳᠤ ᠣᠷᠣᠯᠴᠠᠵᠤ᠂ ᠬᠠᠮᠤᠭ ᠤᠨ ᠰᠢᠨ᠎ᠡ ᠣᠨᠣᠯ ᠤᠨ ᠮᠡᠳᠡᠯᠭᠡ ᠪᠠᠷ ᠥᠷᠭᠡᠨ ᠠᠭᠤᠳᠠᠮ ᠣᠷᠣᠨ ᠵᠠᠢ ᠳᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠪᠠᠶᠠᠷᠯᠠᠨ ᠤᠭᠲᠤᠨ᠎ᠠ᠃ ᠤᠬᠠᠭᠤᠯᠤᠨ ᠲᠠᠶᠢᠯᠪᠤᠷᠢᠯᠠᠬᠤ ᠬᠤᠷᠠᠯ ᠲᠡᠭᠦᠰᠦᠭᠰᠡᠨ ᠤ ᠳᠠᠷᠠᠭ᠎ᠠ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠰᠢ ᠳ᠋ᠧᠦ ᠫᠦ᠋ ᠪᠠᠯᠭᠠᠰᠤᠨ ᠤ ᠰᠢᠨ ᠮᠢᠨ ᠲᠣᠰᠬᠤᠨ ᠤ ᠠᠷᠠᠳ ᠤᠨ ᠵᠥᠪᠯᠡᠯ ᠳᠤ ᠬᠦᠷᠴᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠣᠯᠤᠨ ᠲᠣᠰᠬᠤᠨ ᠤ ᠬᠠᠮᠲᠤ ᠶᠢᠨ ᠠᠵᠤ ᠠᠬᠤᠢ ᠶᠢ ᠲᠣᠭᠤᠷᠢᠨ ᠦᠵᠡᠵᠦ᠂ ᠲᠣᠰᠬᠤᠨ ᠤ ᠠᠷᠠᠳ ᠤᠨ ᠵᠥᠪᠯᠡᠯ ᠤᠨ ᠠᠵᠢᠯᠲᠠᠳ ᠤᠨ ᠡᠳᠦᠷ ᠲᠤᠲᠤᠮ ᠤᠨ ᠠᠵᠢᠯ ᠠᠮᠢᠳᠤᠷᠠᠯ ᠤᠨ ᠳᠤᠮᠳᠠᠬᠢ ᠦᠵᠡᠵᠦ ᠰᠣᠨᠣᠰᠤᠭᠰᠠᠨ ᠪᠠᠶᠢᠨ᠎ᠠ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠨᠡᠷ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠦᠷᠭᠦᠯᠵᠢᠯᠡᠨ ᠴᠢᠷᠮᠠᠶᠢᠨ ᠰᠤᠷᠤᠯᠴᠠᠵᠤ᠂ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ᠂ ᠴᠢᠳᠠᠪᠤᠷᠢ ᠪᠠᠨ ᠨᠡᠮᠡᠭᠳᠡᠭᠦᠯᠵᠦ᠂ ᠢᠷᠡᠭᠡᠳᠦᠢ ᠳᠤ ᠠᠵᠠ ᠲᠣᠬᠢᠶᠠᠯ ᠲᠠᠢ ᠪᠠᠷ ᠦᠨᠳᠦᠰᠦᠨ ᠱᠠᠲᠤᠨ ᠳᠤ ᠣᠷᠣᠯᠴᠠᠵᠤ᠂ ᠬᠥᠳᠡᠭᠡ ᠲᠣᠰᠬᠤᠨ ᠤ ᠬᠥᠭᠵᠢᠯᠲᠡ ᠳᠤ ᠥᠪᠡᠷ ᠤᠨ ᠰᠡᠴᠡᠨ ᠰᠡᠷᠭᠦᠯᠡᠩ ᠠᠪᠢᠶᠠᠰ ᠴᠢᠳᠠᠪᠤᠷᠢ ᠪᠠᠨ ᠡᠷᠭᠦᠨ᠎ᠡ ᠭᠡᠵᠦ ᠢᠯᠡᠳᠬᠡᠪᠡ᠃ ᠣᠨᠣᠯ ᠢ ᠤᠬᠠᠭᠤᠯᠤᠨ ᠲᠠᠶᠢᠯᠪᠤᠷᠢᠯᠠᠬᠤ ᠶᠢ ᠰᠢᠶᠠᠩ ᠪᠠᠯᠭᠠᠰᠤᠨ ᠳᠤ ᠣᠷᠣᠭᠤᠯᠬᠤ ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠪᠠᠷ ᠳᠠᠮᠵᠢᠭᠤᠯᠤᠨ᠂ ᠥᠷᠭᠡᠨ ᠣᠯᠠᠨ ᠺᠠᠳ᠋ᠷ ᠤᠨ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠪᠦᠲᠦᠮᠵᠢᠲᠡᠢ ᠨᠡᠮᠡᠭᠳᠡᠭᠦᠯᠵᠦ᠂ ᠤᠯᠤᠰ ᠲᠥᠷᠥ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠳᠠᠷᠠᠭᠠᠴᠢ ᠶᠢᠨ ᠠᠯᠬᠤᠮ ᠳᠤ᠂ ᠰᠢ ᠳ᠋ᠧᠦ ᠫᠦ᠋ ᠪᠠᠯᠭᠠᠰᠤ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠪᠠᠨ ᠦᠷᠭᠦᠯᠵᠢᠯᠡᠨ ᠪᠠᠶᠠᠯᠢᠭᠵᠢᠭᠤᠯᠵᠤ᠂ ᠤᠬᠠᠭᠤᠯᠤᠨ ᠲᠠᠶᠢᠯᠪᠤᠷᠢᠯᠠᠬᠤ ᠬᠡᠯᠪᠡᠷᠢ ᠶᠢᠨ ᠰᠢᠨ᠎ᠡ ᠶᠢ ᠡᠭᠦᠳᠴᠦ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠣᠨᠣᠯ ᠤᠨ ᠭᠡᠷᠡᠯ ᠢᠶᠠᠷ ᠡᠷᠡᠯᠬᠡᠭᠯᠡᠨ ᠤᠷᠤᠭᠰᠢᠯᠠᠬᠤ ᠵᠠᠮ ᠢᠶᠠᠨ ᠭᠡᠷᠡᠯᠲᠦᠭᠦᠯᠵᠦ᠂ ᠣᠨᠣᠯ ᠤᠨ ᠤᠬᠠᠭᠤᠯᠤᠨ ᠲᠠᠶᠢᠯᠪᠤᠷᠢᠯᠠᠬᠤ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ᠃
 
ᠢᠷᠡᠯᠲᠡ᠄ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号