︽ᠰᠢ ᠵᠦᠴᠦᠭᠡ ᠶᠢ ᠬᠥᠳᠡᠭᠡ ᠲᠣᠰᠬᠤᠨ ᠳᠤ ᠬᠦᠷᠭᠡᠬᠦ︾ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠵᠢᠨᠱᠠᠨ ᠪᠠᠯᠭᠠᠰᠤᠨ ᠳᠤ ᠡᠬᠢᠯᠡᠪᠡ
ᠨᠡᠶᠢᠲᠡᠯᠡᠭᠰᠡᠨ ᠴᠠᠭ᠄
2024/7/16
    ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠦᠭ ᠲᠦᠮᠡᠨ ᠠᠶᠢᠯ ᠡᠷᠦᠬᠡ ᠳᠤ ᠬᠦᠷᠲᠡᠭᠡᠵᠦ᠂ ᠣᠯᠠᠨ ᠲᠦᠮᠡᠨ ᠤ ᠰᠣᠶᠣᠯ ᠤᠨ ᠵᠣᠯ ᠵᠢᠷᠭᠠᠯᠲᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠥᠷᠨᠢᠭᠦᠯᠦᠭᠰᠡᠨ ︽ᠰᠢ ᠵᠦᠴᠦᠭᠡ ᠶᠢ ᠬᠥᠳᠡᠭᠡ ᠲᠣᠰᠬᠤᠨ ᠳᠤ ᠣᠷᠣᠭᠤᠯᠬᠤ︾ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠨᠢ ᠶᠢᠨ ᠱᠠᠨ ᠪᠠᠯᠭᠠᠰᠤᠨ ᠳᠤ ᠬᠦᠷᠴᠦ᠂ 7 ᠳ᠋ᠤᠭᠠᠷ ᠰᠠᠷ᠎ᠠ ᠶᠢᠨ 12 ᠤᠨ ᠡᠳᠦᠷ᠂ ᠪᠤᠭᠤᠲᠤ ᠬᠤᠲᠠ ᠶᠢᠨ ᠶᠢᠰᠦᠨ ᠳᠠᠭᠤᠤ ᠤᠷᠠᠯᠢᠭ ᠤᠨ ᠪᠦᠯᠬᠦᠮ ︽ᠳᠤᠮᠳᠠᠳᠤ ᠶᠢᠨ ᠰᠢᠯᠢᠳᠡᠭ ᠰᠣᠶᠣᠯ ᠢ ᠪᠠᠳᠠᠷᠠᠭᠤᠯᠵᠤ ᠤᠯᠠᠮᠵᠢᠯᠠᠯᠲᠤ ᠰᠢ ᠳᠠᠭᠤᠤ ᠶᠢᠨ ᠤᠷᠠᠯᠢᠭ ᠢ ᠤᠯᠠᠮᠵᠢᠯᠠᠬᠤ︾ ᠪᠠᠷ ᠭᠤᠣᠯ ᠰᠡᠳᠦᠪ ᠪᠣᠯᠭᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠪᠣᠯᠤᠨ ᠶᠠᠩ ᠭᠧ ᠯᠧᠩ ᠨᠡᠶᠢᠭᠡᠮ ᠲᠣᠭᠤᠷᠢᠭ ᠲᠤ ᠲᠤᠰ ᠲᠤᠰ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯᠭᠦᠭᠡ ᠪᠢᠴᠢᠭᠡᠰᠦ ᠶᠢ ᠰᠠᠶᠢᠬᠠᠨ ᠨᠠᠭᠠᠵᠤ ᠳᠠᠭᠤᠰᠴᠤ᠂ ᠣᠯᠠᠨ ᠲᠦᠮᠡᠨ ᠪᠤᠯᠢᠶᠠᠯᠳᠤᠨ ᠬᠦᠯᠢᠶᠡᠵᠦ᠂ ᠰᠢ ᠵᠦᠴᠦᠭᠡ ᠶᠢᠨ ᠳᠠᠭᠤᠨ ᠴᠤᠤᠷᠢᠶᠠᠲᠤᠵᠤ᠂ ᠨᠡᠩ ᠴᠤ ᠨᠡᠩ ᠣᠯᠠᠨ ᠨᠠᠰᠤᠲᠠᠶᠢᠴᠤᠳ ᠢ ᠲᠠᠲᠠᠵᠤ ᠠᠪᠴᠢᠷᠠᠪᠠ᠃ ᠲᠣᠭᠯᠠᠭᠴᠢᠳ ᠬᠠᠩᠭᠢᠨᠠᠮ᠎ᠠ ᠰᠠᠶᠢᠬᠠᠨ ᠳᠠᠭᠤᠤ᠂ ᠬᠤᠪᠢᠯᠭᠠᠨ ᠰᠡᠳᠬᠢᠯᠭᠡ ᠲᠠᠢ ᠮᠥᠴᠢ ᠶᠢᠨ ᠲᠣᠭᠯᠠᠯᠲᠠ ᠪᠠᠷ ᠰᠢ ᠵᠦᠴᠦᠭᠡ  ᠶᠢᠨ ᠳᠣᠲᠣᠷᠠᠬᠢ ᠬᠥᠮᠦᠰ ᠢ ᠲᠣᠭᠯᠠᠵᠤ᠂ ᠲᠠᠶᠢᠰᠠᠨ ᠳᠣᠣᠷᠠᠬᠢ ᠦᠵᠡᠭᠴᠢᠳ ᠪᠠᠶᠢᠨ ᠪᠠᠶᠢᠨ ᠨᠢᠳᠦ ᠰᠠᠯᠤᠯ ᠦᠭᠡᠢ ᠲᠠᠶᠢᠰᠠ ᠪᠠᠨ ᠠᠵᠢᠭᠯᠠᠵᠤ᠂ ᠬᠠᠶᠠ ᠪᠠᠶᠢᠨ ᠪᠠᠶᠢᠨ ᠬᠠᠷᠢᠯᠴᠠᠨ ᠰᠠᠨᠠᠯ ᠢᠶᠠᠨ ᠰᠣᠯᠢᠯᠴᠠᠵᠤ᠂ ᠲᠤᠬᠠᠢ ᠶᠢᠨ ᠲᠠᠯᠠᠪᠠᠢ ᠳᠤ ᠪᠠᠶᠠᠷ ᠪᠠᠭ᠋ᠠᠳᠤᠯ ᠢᠶᠠᠷ ᠪᠢᠯᠬᠠᠵᠤ ᠪᠠᠶᠢᠯ᠎ᠠ᠃ ᠲᠤᠰ ᠤᠳᠠᠭᠠᠨ ᠤ ᠠᠵᠢᠯᠯᠠᠭ᠎ᠠ ᠨᠢ ᠥᠷᠭᠡᠨ ᠳᠡᠯᠭᠡᠷ ᠭᠦᠨ ᠭᠦᠨᠵᠡᠭᠡᠢ ᠤᠬᠠᠭᠤᠯᠭ᠎ᠠ ᠪᠠ ᠣᠯᠠᠨ ᠬᠡᠯᠪᠡᠷᠢ ᠶᠢᠨ ᠲᠣᠭᠯᠠᠯᠲᠠ ᠪᠠᠷ ᠳᠠᠮᠵᠢᠭᠤᠯᠤᠨ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠵᠤ᠂ ᠳᠤᠮᠳᠠᠳᠤ ᠶᠢᠨ ᠰᠣᠩᠭᠤᠳᠠᠭ ᠤᠷᠠᠯᠢᠭ᠂ ᠠᠷᠠᠳ ᠤᠨ ᠳᠤᠮᠳᠠᠬᠢ ᠬᠤᠪᠣᠷ ᠨᠠᠨᠳᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠠᠬᠢᠭᠤᠯᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号