ᠴᠦᠨ ᠺᠦᠨ ᠱᠠᠨ ᠤ ᠬᠤᠷᠮᠣᠶ ᠳᠠᠬᠢ ᠭᠦᠶᠡᠩ ᠰᠢᠶᠠᠨ ᠤ ᠶᠢᠨ ᠬᠤᠤ ᠪᠠᠯᠭᠠᠰᠤᠨ ᠤ ᠳ᠋ᠠ ᠮᠢᠶᠣᠣ ᠲᠣᠰᠬᠤᠨ ᠤ | ᠯᠢᠦ ᠰᠠᠨ ᠭᠸᠦ ᠲᠣᠰᠬᠤᠨ ᠴᠣ ᠰᠢᠨ᠎ᠡ ᠠᠭᠤᠳᠠᠮ ᠲᠠᠯᠠᠪᠠᠶ᠂ ᠥᠩᠭᠡ ᠢᠯᠭᠠᠷᠠᠭᠰᠠᠨ ᠰᠠᠯᠬᠢᠨ ᠬᠦᠷᠳᠦ᠂ ᠤᠷᠠᠨ | ᠰᠠᠶᠢᠬᠠᠨ ᠪᠤᠳᠤᠭᠲᠤ ᠬᠡᠷᠡᠮ ᠨᠢ ᠬᠥᠳᠡᠭᠡ ᠶᠢᠨ ᠥᠩᠭᠡ ᠦᠵᠡᠮᠵᠢ ᠶᠢᠨ ᠴᠡᠪᠡᠷ ᠭᠤᠸ᠎ᠠ ᠰᠠᠶᠢᠬᠠᠨ ᠢ ᠬᠠᠷᠠᠭᠤᠯᠵᠤ | ᠪᠠᠶᠢᠨ᠎ᠠ᠃ 7 ᠰᠠᠷ᠎ᠠ ᠶᠢᠨ 4 ᠤ ᠡᠳᠦᠷ᠂ ᠳ᠋ᠠ ᠮᠢᠶᠣᠣ ᠲᠣᠰᠬᠤᠨ ︽ᠭᠤᠷᠪᠠᠳᠤᠭᠠᠷ ᠪᠦᠯᠦᠭ ᠤᠨ ᠥᠪᠡᠷᠲᠡᠭᠡᠨ | ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ︾ ᠵᠢᠴᠢ ︽ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ | ᠲᠣᠰᠬᠤᠨ︾ ᠢᠶᠠᠷ ᠰᠣᠩᠭᠤᠭᠳᠠᠭᠰᠠᠨ ᠲᠣᠰᠬᠤᠨ ᠳᠤ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠲᠤᠬᠠᠶ ᠶᠢᠨ | ᠲᠠᠯᠠᠪᠤᠷ ᠲᠤ ᠪᠠᠰᠠ ᠶᠢᠨ ᠬᠤᠤ ᠪᠠᠯᠭᠠᠰᠤᠨ ᠤ ᠰᠣᠳᠣᠨ ᠵᠢᠭᠤᠯᠴᠢᠯᠠᠯ ᠤᠨ ᠵᠠᠮ ᠱᠤᠭᠤᠮ᠂ ᠳ᠋ᠠ ᠮᠢᠶᠣᠣ | ᠲᠣᠰᠬᠤᠨ ᠤ ᠣᠨᠴᠠᠯᠢᠭᠲᠤ ᠠᠷᠠᠳ ᠤᠨ ᠰᠠᠭᠤᠴᠠ ᠪᠠ ᠠᠮᠲᠠᠲᠤ ᠢᠳᠡᠭᠡᠨ ᠢ ᠨᠡᠶᠢᠲᠡᠯᠡᠬᠦ ᠪᠠ ᠲᠠᠨᠢᠯᠴᠠᠭᠤᠯᠵᠤ᠂ ᠳ᠋ᠠ | ᠮᠢᠶᠣᠣ ᠲᠣᠰᠬᠤᠨ ᠤ ᠤᠯᠠᠮᠵᠢᠯᠠᠯᠲᠤ ᠠᠮᠲᠠᠲᠤ ᠢᠳᠡᠭᠡᠨ - ᠴᠦᠨ ᠺᠦᠨ ᠱᠠᠨ ᠤ ᠴᠢᠨᠠᠭᠰᠠᠨ ᠬᠤᠨᠢᠨ ᠮᠢᠬ᠎ᠠ ᠨᠢ ︽ | ᠪᠤᠭᠤᠲᠤ ᠶᠢᠨ ᠨᠡᠷᠡᠳᠦ ᠨᠣᠭᠤᠭ᠎ᠠ︾ ᠶᠢᠨ ᠢᠷᠠᠭᠤ ᠠᠯᠳᠠᠷ ᠢ ᠬᠦᠷᠲᠡᠪᠡ᠃ |