ᠰᠢᠶᠠᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 8 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ︵ᠥᠷᠭᠡᠳᠬᠡᠭᠰᠡᠨ ᠬᠤᠷᠠᠯ︶
ᠨᠡᠶᠢᠲᠡᠯᠡᠭᠰᠡᠨ ᠴᠠᠭ᠄
2024/7/16
    7 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ 8 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ︵ᠥᠷᠭᠡᠳᠬᠡᠭᠰᠡᠨ︶ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠣᠣ ᠵᠢᠶᠦ᠋ᠨ ᠵᠢᠶᠧ ᠬᠤᠷᠠᠯ ᠢ ᠡᠷᠬᠢᠯᠡᠵᠦ᠂ ᠪᠥᠬᠦ ᠰᠢᠶᠠᠨ ᠤ ᠱᠠᠲᠤᠨ ᠤ ᠤᠳᠤᠷᠢᠳᠤᠯᠭ᠎ᠠ᠂ ᠡᠯ᠎ᠡ ᠪᠠᠯᠭᠠᠰᠤ᠂ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ ᠳᠤᠮᠳᠠᠳᠤ ᠤᠯᠤᠰ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠯᠡᠩ ᠤᠨ ᠶᠡᠷᠦᠩᠬᠡᠢ ᠠᠵᠤ ᠠᠬᠤᠶᠢᠴᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠰᠢᠶᠠ ᠢ ᠯᠠᠨ ᠢ ᠤᠷᠢᠵᠤ ︽︿ᠬᠤᠣᠰ ᠨᠡᠭᠦᠷᠡᠰᠦᠲᠥ᠋ᠷᠥᠭᠴᠢ﹀ ᠶᠢᠨ ᠬᠠᠷᠠᠯᠲᠠ ᠳᠣᠣᠷᠠᠬᠢ ᠭᠦᠶᠡᠩ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠠᠵᠠ ᠲᠣᠬᠢᠶᠠᠯ ᠪᠣᠯᠤᠨ ᠠᠷᠭ᠎ᠠ ᠵᠠᠮ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃     ᠬᠤᠷᠠᠯ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠡᠷᠬᠢᠨ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠣᠷᠣᠭᠤᠯᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠬᠥᠭᠵᠢᠯᠲᠡ ᠪᠣᠯᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠯᠠᠪᠳᠠᠭᠤᠨ ᠪᠠᠲᠤᠲᠠᠢ ᠪᠣᠳᠠᠲᠠᠢ ᠳᠤ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠴᠢᠨᠠᠷ ᠰᠠᠶᠢᠲᠠᠢ ᠠᠮᠢ ᠠᠬᠤᠢ ᠶᠢᠨ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠪᠠ᠃ ᠲᠤᠰ ᠤᠳᠠᠭᠠᠨ ᠤ ᠲᠠᠶᠢᠯᠤᠮᠵᠢ ᠨᠢ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ᠂ ᠬᠥᠭᠵᠢᠯᠲᠡ ᠶᠢᠨ ᠠᠵᠠ ᠲᠣᠬᠢᠶᠠᠯ᠂ ᠰᠢᠢᠳᠪᠦᠷᠢᠯᠡᠬᠦ ᠠᠷᠭ᠎ᠠ ᠵᠠᠮ ᠵᠢᠴᠢ ᠭᠦᠶᠡᠩ ᠤᠨ ᠠᠵᠢᠯᠯᠠᠭ᠎ᠠ ᠵᠡᠷᠭᠡ ᠳᠥᠷᠪᠡᠨ ᠲᠠᠯ᠎ᠠ ᠪᠠᠷ ᠳᠠᠮᠵᠢᠭᠤᠯᠤᠨ᠂ ᠭᠦᠶᠡᠩ ᠰᠢᠶᠠᠨ ᠤ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠶᠠᠪᠤᠴᠠ ᠳᠤ ᠬᠡᠷᠬᠢᠨ ᠳᠠᠪᠠᠭᠤᠯᠢᠭ ᠪᠣᠯᠬᠤ ᠶᠢ ᠲᠣᠳᠣᠷᠬᠠᠶᠢᠯᠠᠨ ᠥᠭᠦᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠲᠠᠶᠢᠯᠤᠮᠵᠢ ᠶᠢᠨ ᠭᠤᠣᠯᠳᠠᠯᠭ᠎ᠠ ᠨᠢ ᠲᠤᠪᠤᠶᠢᠮ᠎ᠠ᠂ ᠠᠭᠤᠯᠭ᠎ᠠ ᠨᠢ ᠨᠠᠷᠢᠨ ᠪᠣᠳᠠᠲᠠᠢ᠂ ᠣᠨᠣᠯ ᠤᠨ ᠲᠣᠳᠣᠷᠬᠠᠶᠢᠯᠠᠯᠲᠠ ᠬᠢᠭᠡᠳ ᠪᠣᠳᠠᠲᠤ ᠬᠡᠷᠡᠭ ᠤᠨ ᠵᠢᠱᠢᠶ᠎ᠡ ᠶᠢ ᠤᠶᠠᠯᠳᠤᠭᠤᠯᠵᠤ᠂ ᠭᠦᠶᠡᠩ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠠᠬᠢᠭᠤᠯᠬᠤ ᠳᠤ ᠮᠠᠰᠢ ᠴᠢᠩᠭ᠎ᠠ ᠬᠠᠨᠳᠤᠯᠭᠠᠲᠤ ᠴᠢᠨᠠᠷ ᠲᠠᠢ ᠪᠣᠯᠵᠠᠢ  ᠭᠡᠵᠦ ᠵᠢᠭᠠᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠬᠦ ᠳᠡᠭᠡᠳᠦ ᠬᠡᠮᠵᠢᠶ᠎ᠡ ᠪᠠᠷ ᠬᠤᠣᠰ ᠨᠡᠭᠦᠷᠡᠰᠦᠲᠥ᠋ᠷᠥᠭᠴᠢᠲᠦ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠤᠣᠰ ᠨᠡᠭᠦᠷᠡᠰᠦᠲᠥ᠋ᠷᠥᠭᠴᠢᠲᠦ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠣᠶᠢᠯᠠᠭᠠᠨ ᠣᠨᠣᠪᠴᠢᠲᠠᠢ ᠡᠵᠡᠮᠰᠢᠵᠦ᠂ ᠦᠵᠡᠯ ᠰᠠᠨᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠬᠤᠣᠰ ᠨᠡᠭᠦᠷᠡᠰᠦᠲᠥ᠋ᠷᠥᠭᠴᠢᠲᠦ ᠠᠵᠢᠯ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠳᠤ ᠨᠢᠭᠡᠳᠬᠡᠵᠦ᠂ ᠬᠤᠣᠰ ᠨᠡᠭᠦᠷᠡᠰᠦᠲᠥ᠋ᠷᠥᠭᠴᠢᠲᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠪᠣᠬᠢᠷᠲᠤᠯ ᠦᠭᠡᠢ ᠣᠶᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ᠂ ᠡᠯ᠎ᠡ ᠳᠡᠰ ᠳᠠᠪᠬᠤᠷᠭ᠎ᠠ᠂ ᠪᠦᠬᠦ ᠶᠠᠪᠤᠴᠠ ᠳᠤ ᠠᠭᠤᠰᠤᠯᠴᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠳᠠᠪᠠᠭᠤᠯᠢᠭ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠴᠢᠩᠭᠠᠳᠬᠠᠬᠤ ᠬᠡᠷᠡᠭᠲᠡᠢ᠃ ᠰᠢᠶᠠᠨ ᠤ ᠬᠡᠪᠴᠢᠶᠡᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠬᠤᠣᠰ ᠨᠡᠭᠦᠷᠡᠰᠦᠲᠥ᠋ᠷᠥᠭᠴᠢ ᠶᠢᠨ ᠠᠵᠢᠯ ᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠪᠣᠳᠣᠯᠬᠢᠯᠠᠵᠤ᠂ ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠭᠤᠣᠯᠳᠠᠯᠭ᠎ᠠ ᠲᠠᠢ ᠠᠵᠢᠯ ᠬᠢᠭᠡᠳ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠠᠷᠭ᠎ᠠ ᠶᠢ ᠢᠳᠡᠪᠬᠢᠲᠡᠢ ᠰᠦᠪᠡᠭᠴᠢᠯᠡᠨ᠂ ᠦᠨᠡᠨ ᠠᠴᠠ ᠵᠥᠪ ᠢ ᠡᠷᠢᠭᠰᠡᠨ ᠰᠠᠭᠤᠷᠢᠨ ᠳᠡᠭᠡᠷ᠎ᠡ ᠠᠵᠢᠯ ᠢᠶᠠᠨ ᠪᠦᠲᠦᠭᠡᠯᠴᠢ ᠪᠠᠷ ᠥᠷᠨᠢᠭᠦᠯᠦᠨ᠎ᠡ᠃ ᠲᠠᠶᠢᠯᠬᠤ ᠰᠡᠳᠬᠢᠬᠦᠢ ᠶᠢ ᠪᠠᠲᠤ ᠪᠣᠢ ᠪᠣᠯᠭᠠᠵᠤ᠂ ᠭᠠᠵᠠᠷ ᠣᠷᠣᠨ ᠤ ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠤᠨ ᠭᠤᠷᠪᠠᠳᠤᠭᠠᠷ ᠪᠦᠯᠦᠭ ᠤᠨ ᠨᠡᠮᠡᠭᠳᠡᠯ ᠴᠠᠬᠢᠯᠭᠠᠨ ᠲᠦᠭᠡᠭᠡᠬᠦ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠪᠠ ᠪᠥᠬᠦ ᠣᠶᠤᠨᠴᠢ ᠡᠨᠧᠷᠭᠢ ᠴᠡᠨᠡᠭᠯᠡᠬᠦ ᠪᠠᠷ ᠲᠦᠰᠢᠭ ᠪᠣᠯᠭᠠᠵᠤ᠂ ᠬᠦᠷᠢᠶᠡᠯᠡᠩ ᠲᠣᠭᠤᠷᠢᠭ ᠤᠨ ᠪᠢᠴᠢᠯ ᠴᠠᠬᠢᠯᠭᠠᠨ ᠲᠣᠣᠷ ᠢ ᠲᠦᠷᠭᠡᠳᠬᠡᠨ ᠪᠠᠶᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢᠨ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠰᠢᠰᠲ᠋ᠧᠮ ᠪᠠ ᠴᠠᠬᠢᠯᠭᠠᠨ ᠬᠦᠴᠦᠨ ᠤ ᠪᠠᠲᠤᠯᠠᠭ᠎ᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠦᠬᠦ ᠬᠦᠴᠦᠨ ᠢᠶᠠᠷ ᠢᠶᠠᠨ ᠪᠤᠶᠢᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠨ᠎ᠡ ᠠᠷᠭ᠎ᠠ ᠵᠠᠮ ᠢ ᠨᠡᠭᠡᠭᠡᠵᠦ᠂ ᠪᠣᠳᠠᠲᠠᠢ ᠠᠵᠢᠯᠯᠠᠬᠤ ᠶᠢ ᠠᠳᠬᠤᠬᠤ ᠳᠡᠭᠡᠷ᠎ᠡ ᠬᠦᠴᠦ ᠲᠠᠯᠪᠢᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号