ᠰᠢᠩ ᠱᠦᠨ ᠰᠢ ᠪᠠᠯᠭᠠᠰᠤ ᠲᠦᠮᠡᠨ ᠮᠦ ᠭᠠᠵᠠᠷ ᠰᠢᠷᠣᠢ ᠶᠢ ᠡᠷᠭᠢᠯᠲᠡ ᠳᠤ ᠣᠷᠣᠭᠤᠯᠵᠤ᠂ ᠠᠵᠢᠷᠭ᠎ᠠ ᠲᠠᠷᠢᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠪᠠ
ᠨᠡᠶᠢᠲᠡᠯᠡᠭᠰᠡᠨ ᠴᠠᠭ᠄
2024/7/23
    ᠰᠢᠩ ᠱᠦᠨ ᠰᠢ ᠪᠠᠯᠭᠠᠰᠤᠨ ᠤ ᠹᠧᠢ ᠵᠢᠢ ᠲᠠᠷᠢᠮᠠᠯ ᠤᠨ ᠰᠠᠭᠤᠷᠢᠨ ᠭᠠᠵᠠᠷ ᠨᠢ ᠰᠢᠩ ᠱᠦᠨ ᠰᠢ ᠲᠣᠰᠬᠤᠨ ᠤ ᠠᠷᠠᠳ ᠤᠨ ᠵᠥᠪᠯᠡᠯ ᠤᠨ ᠯᠢᠦ ᠲᠦᠩ ᠬᠤᠤ᠂ ᠾᠧᠢ ᠲᠦ᠋ ᠫᠦᠸᠧ ᠲᠣᠰᠬᠤᠨ ᠳᠤ ᠪᠠᠶᠢᠷᠢᠯᠠᠵᠤ᠂ ᠱᠢ ᠵᠢᠶᠠ ᠶᠢᠩᠽᠢ ᠲᠣᠰᠬᠤᠨ ᠤ ᠨᠠᠮ ‍ᠤᠨ‌ᠬᠤᠷᠢᠶ᠎ᠠ ᠶᠢᠨ ᠦ᠋ ᠢ ᠲᠠᠷᠢᠶᠠᠯᠠᠩ ᠤᠨ ᠲᠠᠯᠠᠪᠠᠢ᠂ ᠪᠠᠷᠠᠭᠤᠨ ᠦᠵᠦᠭᠦᠷ ᠤᠨ ᠮᠣᠯᠧᠺᠦ᠋ᠯ ᠵᠡᠷᠭᠡ ᠳᠥᠷᠪᠡᠨ ᠠᠶᠢᠯ ᠲᠣᠰᠬᠤᠨ ᠳᠤ ᠪᠠᠶᠢᠷᠢᠯᠠᠵᠤ᠂ ᠲᠠᠷᠢᠬᠤ ᠲᠠᠯᠠᠪᠠᠢ ᠨᠢ 1.035 ᠲᠦᠮᠡᠨ ᠮᠦ ᠪᠠᠶᠢᠵᠤ᠂ ᠲᠤᠰ ᠲᠥᠷᠥᠯ ᠵᠦᠢᠯ ᠢ 2024 ᠣᠨ ᠤ 4 ᠰᠠᠷ᠎ᠠ ᠶᠢᠨ ᠬᠤᠷᠢᠳ ᠠᠴᠠ ᠡᠬᠢᠯᠡᠨ ᠪᠦᠲᠦᠭᠡᠨ ᠪᠠᠶᠢᠭᠤᠯᠵᠤ᠂ ᠬᠥᠯᠥᠨ ᠪᠤᠶᠢᠷ ᠤᠨ ᠶᠢᠨ ᠱᠦᠸᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠵᠤ᠂ 500 ᠲᠦᠮᠡᠨ ᠲᠥᠭᠦᠷᠢᠭ ᠤᠨ ᠪᠡᠯᠡ ᠣᠷᠣᠭᠤᠯᠵᠤ ᠭᠠᠵᠠᠷ ᠰᠢᠷᠣᠢ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠣᠷᠣᠭᠤᠯᠤᠯᠲᠠ ᠳᠤ ᠬᠡᠷᠡᠭᠯᠡᠵᠦ᠂ ᠮᠦ ᠪᠦᠷᠢ ᠶᠢᠨ ᠳᠤᠮᠳᠠᠴᠢ ᠤᠨᠠᠯᠲᠠ ᠨᠢ ᠪᠠᠷᠤᠭ 75-100 ᠺᠢᠯᠣᠭ᠍ᠷᠠᠮ᠂ ᠬᠤᠳᠠᠯᠳᠤᠬᠤ ᠦᠨ᠎ᠡ ᠨᠢ 6 ᠲᠥᠭᠦᠷᠢᠭ᠂ ᠮᠦ ᠪᠦᠷᠢ ᠶᠢᠨ ᠳᠤᠮᠳᠠᠴᠢ ᠴᠡᠪᠡᠷ ᠠᠰᠢᠭ ᠬᠤᠨᠵᠢᠪᠣᠷᠢ ᠨᠢ 4000 - 7000 ᠲᠥᠭᠦᠷᠢᠭ ᠲᠤ ᠬᠦᠷᠴᠦ ᠪᠣᠯᠤᠨ᠎ᠠ᠃     ᠠᠵᠠᠷᠭᠠᠨ᠎ᠠ ᠲᠠᠷᠢᠬᠤ     01 ᠡᠮ ᠤᠨ ᠠᠴᠢ ᠲᠤᠰᠠ ᠠᠵᠠᠷᠭᠠᠨ᠎ᠠ ᠪᠣᠯ ᠦᠷᠭᠦᠯᠵᠢ ᠬᠠᠷᠠᠭᠳᠠᠳᠠᠭ ᠬᠢᠲᠠᠳ ᠡᠮ ᠤᠨ ᠮᠠᠲ᠋ᠧᠷᠢᠶᠠᠯ ᠶᠤᠮ᠂ ᠬᠠᠯᠠᠭᠤᠨ ᠢ ᠠᠷᠢᠯᠭᠠᠨ ᠬᠤᠣᠷ ᠢ ᠲᠠᠶᠢᠯᠬᠤ᠂ ᠡᠯᠢᠭᠡ ᠰᠥᠰᠥᠨ ᠤ ᠬᠠᠯᠠᠭᠤᠨ ᠢ ᠠᠷᠢᠯᠭᠠᠬᠤ᠂ ᠰᠢᠷ᠎ᠠ ᠭᠠᠯ ᠢᠶᠠᠷ ᠲᠠᠲᠠᠷᠠᠨ ᠡᠪᠡᠳᠬᠦ ᠵᠡᠷᠭᠡ ᠡᠪᠡᠳᠴᠢᠨ ᠢ ᠵᠠᠰᠠᠬᠤ ᠳᠤ ᠦᠷᠭᠦᠯᠵᠢ ᠬᠡᠷᠡᠭᠯᠡᠵᠦ᠂ ᠡᠯᠢᠭᠡ ᠬᠠᠮᠠᠭᠠᠯᠠᠬᠤ ᠡᠮ ᠤᠨ ᠭᠤᠣᠯ ᠪᠦᠷᠢᠯᠳᠦᠬᠦᠨ ᠪᠣᠯᠤᠨ᠎ᠠ ᠃    02 ᠥᠰᠥᠯᠲᠡ ᠶᠢᠨ ᠣᠷᠴᠢᠨ ᠲᠣᠭᠤᠷᠢᠨ ᠤᠰᠤᠨ ᠤ ᠠᠵᠠᠷᠭᠠᠨ᠎ᠠ ᠤᠮᠠᠷᠠᠲᠤ ᠠᠹᠷᠢᠺᠠ ᠪᠣᠯᠤᠨ ᠭᠠᠵᠠᠷ ᠤᠨ ᠳᠤᠮᠳᠠᠳᠤ ᠲᠠᠩᠭᠢᠰ ᠤᠨ ᠭᠠᠵᠠᠷ ᠤᠷᠭᠤᠳᠠᠭ ᠪᠣᠯᠬᠤᠷ ᠬᠦᠢᠲᠡᠨ ᠳᠤ ᠲᠡᠰᠪᠦᠷᠢ᠂ ᠭᠠᠩ ᠳᠤ ᠲᠡᠰᠪᠦᠷᠢ᠂ ᠬᠠᠯᠠᠭᠤᠨ ᠳᠤ ᠲᠡᠰᠪᠦᠷᠢ ᠲᠠᠢ ᠪᠣᠯᠬᠤᠷ ᠬᠥᠷᠥᠰᠥᠨ ᠤ ᠱᠠᠭᠠᠷᠳᠠᠯᠭ᠎ᠠ ᠨᠢ ᠴᠢᠩᠭ᠎ᠠ ᠪᠢᠰᠢ ᠪᠠᠶᠢᠵᠤ᠂ ᠬᠥᠷᠥᠰᠥᠨ ᠤ ᠴᠢᠨᠠᠷ ᠨᠢ ᠰᠡᠶᠢᠷᠡᠭ᠂ ᠥᠩ ᠰᠢᠮᠡᠯᠢᠭ᠂ ᠤᠰᠤ ᠭᠠᠳᠠᠭᠰᠢᠯᠠᠭᠤᠯᠬᠤ ᠨᠢ ᠰᠠᠶᠢᠨ ᠡᠯᠡᠰᠦ ᠲᠠᠢ ᠬᠥᠷᠥᠰᠥᠨ ᠳᠤ ᠬᠠᠮᠤᠭ ᠲᠣᠬᠢᠷᠠᠮᠵᠢᠲᠠᠢ ᠪᠠᠶᠢᠳᠠᠭ  ᠃    03 ᠬᠠᠮᠤᠭ ᠤᠨ ᠰᠢᠯᠢᠳᠡᠭ ᠭᠤᠤᠷᠰᠤ ᠲᠤᠩᠭᠠᠬᠤ ᠲᠠᠷᠢᠮᠠᠯ ︽ᠠᠵᠠᠷᠭᠠᠨ᠎ᠠ︾ ᠪᠣᠯ ᠪᠠᠰᠠ ᠴᠤ ᠰᠢᠬᠢᠷ ᠯᠤᠤᠪᠠᠩ ᠤᠨ ᠬᠠᠮᠤᠭ ᠤᠨ ᠰᠢᠯᠢᠳᠡᠭ ᠭᠤᠤᠷᠰᠤ ᠣᠷᠣᠬᠤ ᠲᠠᠷᠢᠮᠠᠯ ᠪᠣᠯᠤᠨ᠎ᠠ᠂ ᠲᠠᠷᠢᠮᠠᠯ ᠤᠨ ᠰᠠᠭᠤᠷᠢᠨ ᠭᠠᠵᠠᠷ ᠤᠨ ᠶᠡᠬᠡᠩᠬᠢ ᠡᠷᠭᠢᠯᠲᠡ ᠶᠢᠨ ᠭᠠᠵᠠᠷ ᠰᠢᠷᠣᠢ ᠠᠴᠠ ᠡᠮᠦᠨ᠎ᠡ ᠴᠥᠮ ᠰᠢᠬᠢᠷ ᠯᠤᠤᠪᠠᠩ ᠲᠠᠷᠢᠵᠤ᠂ ᠮᠠᠨ ᠤ ᠪᠠᠯᠭᠠᠰᠤᠨ ᠳᠤ ᠲᠠᠷᠢᠬᠤ ᠳᠤ ᠮᠠᠰᠢ ᠲᠣᠬᠢᠷᠠᠮᠵᠢᠲᠠᠢ᠂ ᠮᠠᠨ ᠤ ᠪᠠᠯᠭᠠᠰᠤᠨ ᠤ ᠬᠠᠭᠤᠷᠠᠢ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠲᠣᠬᠢᠷᠠᠭᠤᠯᠬᠤ ᠭᠤᠣᠯ ᠠᠵᠤ ᠠᠬᠤᠢ ᠶᠢᠨ ᠲᠠᠷᠢᠮᠠᠯ ᠤᠨ ᠨᠢᠭᠡ ᠪᠣᠯᠤᠭᠰᠠᠨ ᠤ ᠬᠤᠪᠢ ᠳᠤ᠂ ᠰᠢᠬᠢᠷ ᠯᠤᠤᠪᠠᠩ ᠤᠨ ᠭᠤᠤᠷᠰᠤ ᠤᠷᠪᠠᠭ᠋ᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ᠲᠣᠰᠬᠤᠨ ᠤ ᠠᠷᠠᠳ ᠢ ᠬᠠᠪᠰᠤᠷᠤᠨ ᠭᠠᠵᠠᠷ ᠰᠢᠷᠣᠢ ᠶᠢ ᠡᠷᠭᠢᠯᠳᠦᠭᠦᠯᠦᠨ ᠣᠷᠣᠯᠭ᠎ᠠ ᠶᠢ ᠨᠢ ᠨᠡᠮᠡᠭᠳᠡᠭᠦᠯᠵᠡᠢ᠃    ᠣᠳᠣᠬᠠᠨ ᠳᠤ᠂ ᠰᠢᠩ ᠱᠦᠨ ᠰᠢ ᠪᠠᠯᠭᠠᠰᠤ ᠶᠠᠭ ᠬᠥᠯᠥᠨ ᠪᠤᠶᠢᠷ ᠤᠨ ᠶᠢᠨ ᠱᠦᠸᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠵᠣᠯᠭᠠᠭᠤᠯᠵᠤ᠂ ᠵᠠᠬᠢᠶᠠᠯᠠᠭ᠎ᠠ ᠪᠠᠷ ᠬᠤᠳᠠᠯᠳᠤᠨ ᠠᠪᠬᠤ᠂ ᠲᠠᠷᠢᠶᠠᠴᠢᠨ ᠡᠷᠦᠬᠡ ᠶᠢᠨ ᠣᠷᠣᠯᠠᠨ ᠲᠠᠷᠢᠬᠤ ᠵᠡᠷᠭᠡ ᠶᠠᠪᠤᠳᠠᠯ ᠤᠨ ᠲᠤᠬᠠᠢ ᠭᠦᠢᠴᠡᠳ ᠵᠥᠪᠳᠡᠯᠴᠡᠵᠦ᠂ ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠠᠵᠢᠷᠭᠠᠨ ᠤ ᠴᠣᠬᠤᠷ ᠢ ᠬᠤᠨᠴᠢᠷ ᠤᠨ ᠳᠠᠷᠠᠭᠠᠬᠢ ᠪᠠᠰᠠ ᠨᠢᠭᠡᠨ ᠣᠨᠴᠠᠯᠢᠭᠲᠤ ᠡᠮ ᠤᠨ ᠮᠠᠲ᠋ᠧᠷᠢᠶᠠᠯ ᠤᠨ ᠠᠵᠤ ᠦᠢᠯᠡᠰ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠬᠠᠩᠭᠠᠨ᠎ᠠ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号