7 ᠰᠠᠷ᠎ᠠ ᠶᠢᠨ 25 ᠤ ᠡᠳᠦᠷ᠂ ᠭᠦᠶᠡᠩ ᠰᠢᠶᠠᠨ 2024 ᠣᠨ ᠤ ᠨᠠᠮ ᠤᠨ ᠬᠤᠷᠢᠶᠠᠨ ᠤ ᠴᠡᠷᠢᠭ ᠤᠨ | ᠶᠠᠪᠤᠳᠠᠯ ᠢ ᠵᠥᠪᠯᠡᠬᠦ ᠬᠤᠷᠠᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠭᠡᠰᠢᠭᠦᠳ ᠤᠨ | ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠣᠣ ᠵᠢᠶᠦ᠋ᠨ ᠵᠢᠶᠧ ᠬᠤᠷᠠᠯ ᠡᠷᠬᠢᠯᠡᠭᠰᠡᠨ | ᠪᠥᠭᠡᠳ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠢᠨ ᠬᠤᠤ ᠪᠠᠯᠭᠠᠰᠤ᠂ | ᠬᠤᠸᠠᠢ ᠱᠦᠸᠧ ᠪᠠᠯᠭᠠᠰᠤ᠂ ᠰᠢᠶᠠ ᠳ᠋ᠢ ᠬᠤᠤ ᠪᠠᠯᠭᠠᠰᠤ᠂ ᠶᠢᠨ ᠱᠠᠨ ᠪᠠᠯᠭᠠᠰᠤ᠂ ᠰᠢ ᠳ᠋ᠧᠦ ᠫᠦ᠋ ᠪᠠᠯᠭᠠᠰᠤᠨ ᠤ | ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠵᠢᠭᠠᠨ ᠵᠢᠯᠣᠭᠤᠳᠣᠭᠴᠢ ᠶᠢᠨ ᠲᠤᠰᠢᠶᠠᠯ | ᠡᠭᠦᠷᠭᠡᠯᠡᠬᠦ ᠵᠠᠷᠯᠢᠭ ᠢ ᠤᠩᠰᠢᠨ ᠨᠡᠶᠢᠲᠡᠯᠡᠭᠰᠡᠨ ᠪᠥᠭᠡᠳ ᠲᠤᠰᠢᠶᠠᠯ ᠡᠭᠦᠷᠭᠡᠯᠡᠬᠦ ᠶᠠᠷᠢᠶ᠎ᠠ ᠲᠠᠯᠪᠢᠵᠤ᠂ ᠪᠠᠯᠭᠠᠰᠤᠨ ᠤ | ᠨᠠᠮ ᠤᠨ ᠬᠤᠷᠢᠶᠠᠨ ᠤ ᠱᠦᠵᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠤᠰᠢᠶᠠᠯ ᠤᠨ ᠮᠡᠳᠡᠭᠦᠯᠦᠯᠲᠡ ᠶᠢ | ᠰᠣᠨᠣᠰᠴᠤ᠂ ᠨᠢᠭᠡ ᠵᠢᠯ ᠤᠨ ᠲᠤᠷᠰᠢᠬᠢ ᠪᠥᠬᠦ ᠰᠢᠶᠠᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠬᠤᠷᠠᠯ ᠠᠴᠠ᠂ ᠨᠢᠭᠡ ᠳᠤ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ | ᠴᠢᠩᠭᠠᠳᠬᠠᠵᠤ᠂ ᠴᠡᠷᠢᠭ ᠠᠩᠭᠢ ᠶᠢᠨ ᠪᠠᠶᠢᠭᠤᠯᠤᠯᠲᠠ ᠶᠢᠨ ᠵᠥᠪ ᠣᠨᠣᠪᠴᠢᠲᠠᠢ ᠤᠯᠤᠰ ᠲᠥᠷᠥ ᠶᠢᠨ ᠴᠢᠭᠯᠡᠯ ᠢ | ᠡᠵᠡᠮᠳᠡᠬᠦ ᠬᠡᠷᠡᠭᠲᠡᠢ᠃ ᠬᠡᠷᠡᠭᠵᠢᠭᠦᠯᠬᠦ ᠶᠠᠪᠤᠴᠠ ᠳᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ | ᠴᠢᠩᠭᠠᠳᠬᠠᠵᠤ᠂ ᠲᠡᠷᠢᠭᠦᠨ ᠤ ᠣᠨᠣᠯ ᠢᠶᠠᠷ ᠦᠢᠯᠡᠳᠦᠯᠭᠡ ᠶᠢ ᠵᠢᠯᠣᠭᠤᠳᠤᠭᠤᠯᠪᠠᠯ ᠵᠣᠬᠢᠨ᠎ᠠ᠃ ᠤᠯᠤᠰ ᠲᠥᠷᠥ ᠶᠢᠨ | ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠴᠡᠷᠢᠭ ᠠᠩᠭᠢ ᠶᠢᠨ ᠠᠵᠢᠯᠯᠠᠭ᠎ᠠ ᠶᠢᠨ ᠨᠠᠮ ᠤᠨ ᠵᠢᠯᠣᠭᠤᠳᠣᠯᠭ᠎ᠠ ᠶᠢ | ᠲᠠᠭᠠᠬᠤ ᠶᠢ ᠪᠠᠲᠤᠯᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠤᠳᠤᠷᠢᠳᠤᠮᠵᠢ ᠶᠢ | ᠰᠠᠶᠢᠲᠤᠷ ᠠᠳᠬᠤᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ ᠬᠤᠶᠠᠷ ᠲᠤ᠂ | ᠴᠡᠷᠢᠭ ᠤᠨ ᠶᠠᠪᠤᠳᠠᠯ ᠤᠨ ᠲᠡᠮᠡᠴᠡᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠡᠯᠡᠳᠬᠡᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠬᠡᠬᠦ ᠴᠢᠳᠠᠪᠤᠷᠢ ᠪᠠᠨ ᠪᠦᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠮᠤᠷ ᠲᠦᠪᠰᠢᠨ ᠠᠶᠤᠯ ᠲᠦᠭᠰᠢᠭᠦᠷᠢ ᠶᠢ ᠦᠯᠦ ᠬᠠᠶᠢᠬᠤᠷᠬᠤ᠂ | ᠣᠷᠣᠰᠢᠬᠤ ᠠᠴᠠ ᠪᠢᠰᠢ ᠦᠬᠦᠬᠦ ᠦᠭᠡᠢ᠂ ᠵᠠᠰᠠᠬᠤ ᠳᠤ ᠰᠠᠮᠠᠭᠤᠨ ᠪᠠᠶᠢᠳᠠᠯ ᠢ ᠮᠠᠷᠲᠠᠬᠤ ᠦᠭᠡᠢ᠃ ᠣᠳᠣᠬᠠᠨ ᠤ | ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠣᠷᠣᠰᠢᠵᠤ ᠪᠠᠶᠢᠬᠤ ᠶᠢ | ᠦᠨᠳᠦᠰᠦᠯᠡᠨ᠂ ᠮᠠᠨ ᠤ ᠤᠯᠤᠰ ᠤᠨ ᠠᠮᠤᠷ ᠲᠦᠪᠰᠢᠨ ᠤ ᠪᠠᠶᠢᠳᠠᠯ ᠲᠣᠭᠲᠠᠪᠤᠷᠢ ᠦᠭᠡᠢ ᠴᠢᠨᠠᠷ᠂ ᠲᠣᠭᠲᠠᠭᠤᠨ | ᠪᠤᠰᠤ ᠴᠢᠨᠠᠷ ᠨᠡᠮᠡᠭᠳᠡᠵᠦ ᠪᠠᠶᠢᠬᠤ ᠶᠢ ᠦᠨᠳᠦᠰᠦᠯᠡᠪᠡᠯ᠄ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠵᠠᠷᠴᠢᠮ ᠢ | ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠳᠠᠶᠢᠴᠢᠯᠠᠯᠲᠠ ᠶᠢᠨ ᠪᠡᠯᠡᠳᠬᠡᠯ ᠠᠵᠢᠯ ᠢ ᠪᠣᠳᠠᠲᠠᠢ ᠠᠳᠬᠤᠵᠤ᠂ | ᠲᠦᠷᠭᠡᠨ ᠳᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠯᠡᠳᠬᠡᠯ ᠬᠦᠴᠦᠨ ᠤ ᠰᠢᠰᠲ᠋ᠧᠮ ᠢ ᠲᠡᠭᠦᠯᠳᠡᠷᠵᠢᠭᠦᠯᠵᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠨᠥᠭᠡᠴᠡ ᠡᠬᠢ ᠪᠠᠶᠠᠯᠢᠭ ᠢ ᠲᠡᠭᠦᠯᠳᠡᠷᠵᠢᠭᠦᠯᠤᠨ᠎ᠡ᠃ ᠭᠤᠷᠪᠠ ᠳᠤ᠂ | ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠯ ᠤᠨ ᠭᠦᠨᠵᠡᠭᠡᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ | ᠴᠡᠷᠢᠭ ᠢ ᠬᠦᠴᠦᠷᠬᠡᠭᠵᠢᠭᠦᠯᠦᠨ ᠴᠡᠷᠢᠭ ᠢ ᠮᠠᠨᠳᠤᠭᠤᠯᠬᠤ ᠪᠠ ᠠᠷᠠᠳ ᠢ ᠪᠠᠶᠠᠵᠢᠭᠤᠯᠤᠨ ᠰᠢᠶᠠᠨ ᠢ | ᠬᠦᠴᠦᠷᠬᠡᠭᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠴᠡᠷᠢᠭ ᠠᠴᠠ ᠬᠠᠯᠠᠭᠳᠠᠭᠰᠠᠳ ᠢ | ᠲᠥᠪᠬᠢᠨᠡᠭᠦᠯᠬᠦ ᠠᠵᠢᠯ ᠢ ᠴᠢᠬᠤᠯᠠᠴᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ | ᠪᠣᠯᠤᠨ ᠣᠷᠣᠨ ᠨᠤᠲᠤᠭ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠵᠤ ᠥᠭᠬᠦ | ᠬᠡᠷᠡᠭᠲᠡᠢ᠃ | ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠰᠢᠶᠠᠨ ᠤ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠳᠠᠷᠤᠭ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠶᠢᠨ ᠳᠠᠷᠤᠭ᠎ᠠ᠂ ᠵᠢᠭᠠᠨ | ᠵᠢᠯᠣᠭᠤᠳᠣᠭᠴᠢ᠂ ᠡᠯ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠲᠤᠰᠬᠠᠢ ᠵᠡᠪᠰᠡᠭᠲᠦ ᠬᠦᠴᠦᠨ ᠤ | ᠬᠡᠯᠲᠡᠰ ᠤᠨ ᠳᠠᠷᠤᠭ᠎ᠠ᠂ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ | ᠭᠡᠰᠢᠭᠦᠳ ᠬᠤᠷᠠᠯ ᠳᠤ ᠣᠷᠣᠯᠴᠠᠪᠠ᠃ |