ᠵᠢᠨᠱᠠᠨ ᠪᠠᠯᠭᠠᠰᠤ 2024 ᠣᠨ ᠤ ᠦᠵᠡᠯ ᠤᠬᠠᠮᠰᠠᠷ ᠤᠨ ᠬᠡᠯᠪᠡᠷᠢ ᠶᠢᠨ ᠰᠦᠯᠵᠢᠶᠡᠨ ᠤ ᠠᠵᠢᠯᠲᠠᠨ ᠤ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/8/11
    ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠨ ᠪᠣᠳᠠᠲᠠᠶᠢᠵᠢᠭᠤᠯᠵᠤ᠂ ᠬᠠᠷᠢᠶᠠᠲᠤ ᠣᠷᠣᠨ ᠤ ᠦᠵᠡᠯ ᠤᠬᠠᠮᠰᠠᠷ ᠤᠨ ᠬᠡᠯᠪᠡᠷᠢ ᠶᠢᠨ ᠰᠦᠯᠵᠢᠶᠡᠨ ᠤ ᠠᠵᠢᠯᠲᠠᠨ ᠤ ᠶᠡᠷᠤᠩᠬᠡᠢ  ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠂ 2024 ᠣᠨ ᠤ 8 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠢᠦ ᠬᠤᠩ ᠭᠤᠸᠠᠩ ᠨᠠᠷ ᠵᠢᠨᠱᠠᠨ ᠪᠠᠯᠭᠠᠰᠤᠨ ᠳᠤ ᠬᠦᠷᠴᠦ ᠦᠵᠡᠯ ᠤᠬᠠᠮᠰᠠᠷ ᠤᠨ ᠬᠡᠯᠪᠡᠷᠢ ᠶᠢᠨ ᠬᠢᠨᠠᠨ ᠵᠢᠯᠣᠭᠤᠳᠬᠤ ᠠᠵᠢᠯ ᠥᠷᠨᠢᠭᠦᠯᠬᠦ ᠶᠢᠨ ᠬᠠᠮᠲᠤ ᠮᠠᠨ ᠤ ᠪᠠᠯᠭᠠᠰᠤᠨ ᠤ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠦᠵᠡᠯ ᠤᠬᠠᠮᠰᠠᠷ ᠤᠨ ᠬᠡᠯᠪᠡᠷᠢ ᠶᠢᠨ ᠰᠦᠯᠵᠢᠶᠡᠨ ᠤ ᠠᠵᠢᠯᠲᠠᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠪᠡ᠃     ᠪᠣᠯᠪᠠᠰᠤᠷᠠᠭᠤᠯᠤᠯ ᠨᠢ ᠦᠨᠳᠦᠰᠦᠨ ᠱᠠᠲᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠠᠭᠤᠰᠤᠯᠴᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠤᠬᠠᠭᠳᠠᠬᠤᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠴᠢᠨᠠᠷ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠬᠡᠷᠬᠢᠨ ᠰᠠᠶᠢᠲᠤᠷ ᠰᠠᠬᠢᠬᠤ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠪᠤᠷᠢᠯᠠᠯᠲᠠ ᠬᠢᠪᠡ᠃ ᠬᠤᠷᠠᠯ ᠠᠴᠠ᠂ ᠪᠦᠬᠦ ᠲᠣᠣᠷᠵᠢᠭᠤᠯᠤᠭᠴᠢ ᠨᠠᠷ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠦᠮᠡ ᠮᠢᠩᠭᠠᠨ ᠦᠨᠳᠦᠰᠦᠨ ᠱᠠᠲᠤᠨ ᠤ ᠠᠵᠢᠯ ᠤᠨ ᠳᠤᠮᠳᠠ ᠰᠠᠶᠢᠨ ᠰᠠᠶᠢᠬᠠᠨ ᠠᠯᠬᠤᠭ᠎ᠠ ᠪᠣᠯᠵᠤ ᠬᠤᠪᠢᠷᠠᠨ᠂ ᠰᠢᠨ᠎ᠡ ᠪᠠᠶᠢᠳᠠᠯ ᠳᠣᠣᠷᠠᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ ᠨᠢᠭᠡ ᠳᠤ ᠰᠤᠷᠤᠯᠴᠠᠯᠭ᠎ᠠ ᠶᠢ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠲᠤᠰ ᠪᠡᠶ᠎ᠡ ᠶᠢᠨ ᠰᠤᠷᠤᠯᠴᠠᠯᠭ᠎ᠠ ᠪᠠᠨ ᠴᠢᠩᠭᠠᠳᠬᠠᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠳᠤ ᠣᠷᠣᠯᠴᠠᠬᠤ᠂ ᠲᠤᠰ ᠪᠡᠶ᠎ᠡ ᠶᠢᠨ ᠦᠢᠯᠡ ᠠᠵᠢᠯᠯᠠᠭ᠎ᠠ ᠪᠠᠨ ᠵᠢᠷᠤᠮᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠠᠵᠢᠯ ᠤᠨ ᠰᠡᠳᠬᠢᠴᠡ ᠪᠠᠨ ᠲᠣᠳᠣᠷᠬᠠᠢ ᠪᠣᠯᠭᠠᠨ᠂ ᠰᠦᠯᠵᠢᠶᠡᠨ ᠤ ᠠᠵᠢᠯᠲᠠᠨ ᠤ ᠡᠭᠦᠷᠭᠡ ᠶᠢ ᠦᠨᠡᠨ ᠬᠦ ᠡᠭᠦᠷᠭᠡᠯᠡᠬᠦ ᠬᠡᠷᠡᠭᠲᠡᠢ︔ ᠬᠤᠶᠠᠷ ᠲᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠠᠴᠠ ᠵᠠᠶᠢᠯᠠᠰᠬᠢᠵᠦ ᠰᠤᠷᠬᠤ ᠬᠡᠷᠡᠭᠲᠡᠢ᠃ ᠲᠤᠰ ᠬᠠᠷᠢᠶ᠎ᠠ ᠣᠷᠣᠨ ᠤ ᠪᠠᠨ ᠴᠢᠬᠤᠯᠠ ᠠᠵᠢᠯᠯᠠᠭ᠎ᠠ᠂ ᠲᠣᠭᠯᠠᠯᠲᠠ ᠵᠡᠷᠭᠡ ᠠᠭᠤᠯᠭ᠎ᠠ ᠪᠠ ᠬᠡᠯᠪᠡᠷᠢ ᠶᠢ ᠴᠢᠩᠭ᠎ᠠ ᠡᠵᠡᠮᠳᠡᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠡᠭᠦᠰᠴᠦ ᠮᠡᠳᠡᠬᠦ ᠲᠠᠯ᠎ᠠ ᠶᠢ ᠤᠷᠢᠳᠴᠢᠯᠠᠨ ᠮᠠᠭᠠᠳᠯᠠᠵᠤ᠂ ᠤᠷᠢᠳᠴᠢᠯᠠᠨ ᠰᠡᠷᠭᠡᠶᠢᠯᠡᠵᠦ᠂ ᠠᠶᠤᠯ ᠲᠦᠭᠰᠢᠭᠦᠷᠢ ᠠᠴᠠ ᠠᠯᠢ ᠴᠢᠳᠠᠬᠤ ᠪᠠᠷ ᠵᠠᠢᠯᠠᠰᠬᠢᠬᠤ  ᠶᠢ ᠬᠡᠷᠡᠭᠲᠡᠢ︔ ᠭᠤᠷᠪᠠ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠠᠬᠢᠯᠡᠯᠲᠡ ᠶᠢ ᠰᠠᠶᠢᠲᠤᠷ ᠬᠠᠮᠢᠶᠠᠷᠬᠤ ᠬᠡᠷᠡᠭᠲᠡᠢ᠃ ᠲᠣᠭᠲᠠᠮᠠᠯ ᠬᠤᠭᠤᠴᠠᠭ᠎ᠠ ᠲᠠᠢ ᠪᠠᠷ ᠬᠠᠷᠢᠶ᠎ᠠ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠲᠠᠯ᠎ᠠ ᠨᠤᠲᠤᠭ ᠤᠨ ᠨᠣᠮ ᠤᠨ ᠥᠷᠥᠭᠡ᠂ ᠱᠠᠰᠢᠨ ᠰᠤᠷᠲᠠᠬᠤᠨ ᠤ ᠲᠠᠯᠠᠪᠤᠷ᠂ ᠳᠡᠯᠭᠡᠨ ᠦᠵᠡᠭᠦᠯᠬᠦ ᠲᠠᠯᠠᠪᠤᠷ ᠵᠡᠷᠭᠡ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠲᠤ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢᠨ ᠬᠠᠮᠲᠤ ᠸᠢᠴᠠᠲ᠂ ᠴᠤᠤᠷᠢᠶ᠎ᠠ᠂ ᠪᠤᠰᠢᠭᠤ ᠭᠠᠷ ᠵᠡᠷᠭᠡ ᠰᠦᠯᠵᠢᠶᠡᠨ ᠳᠡᠭᠡᠷᠡᠬᠢ ᠵᠢᠭᠰᠠᠭᠠᠯ ᠤᠨ ᠭᠠᠵᠠᠷ ᠢ ᠴᠢᠩᠭ᠎ᠠ ᠠᠩᠬᠠᠷᠴᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠭᠤᠣᠯᠳᠠᠯᠭ᠎ᠠ ᠲᠠᠢ ᠠᠩᠬᠠᠷᠴᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠡᠭᠦᠰᠬᠦ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃    ᠲᠤᠰ ᠤᠳᠠᠭᠠᠨ ᠤ ᠪᠣᠯᠪᠠᠰᠤᠷᠠᠭᠤᠯᠤᠯ ᠨᠢ  ᠪᠠᠯᠭᠠᠰᠤᠨ ᠤ ᠰᠦᠯᠵᠢᠶᠡᠨ ᠤ ᠠᠵᠢᠯᠲᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠳᠡᠨ ᠤ ᠳᠠᠷᠠᠭᠠᠴᠢ ᠶᠢᠨ ᠠᠯᠬᠤᠮ ᠳᠤ ᠦᠵᠡᠯ ᠤᠬᠠᠮᠰᠠᠷ ᠤᠨ ᠬᠡᠯᠪᠡᠷᠢ ᠶᠢᠨ ᠰᠦᠯᠵᠢᠶᠡᠨ ᠤ ᠠᠵᠢᠯᠲᠠᠨ ᠤ ᠡᠩᠨᠡᠭᠡ ᠶᠢᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠲᠤᠰ ᠲᠤᠰ ᠤᠨ ᠬᠠᠷᠢᠶᠠᠲᠤ ᠣᠷᠣᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠦᠷᠭᠦᠯᠵᠢᠯᠡᠨ ᠥᠭᠡᠳᠡᠯᠡᠨ ᠰᠠᠶᠢᠵᠢᠷᠠᠬᠤ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号