ᠮᠡᠳᠡᠯᠭᠡ ᠶᠢᠨ ᠳᠠᠯᠠᠢ ᠳᠤ ᠲᠣᠭᠤᠷᠢᠨ ᠶᠠᠪᠤᠵᠤ᠂ ᠨᠣᠮ ᠪᠢᠴᠢᠭ ᠤᠨ ᠶᠢᠷᠲᠢᠨᠴᠦ ᠳᠤ ᠦᠰᠦᠨ ᠪᠤᠶᠢᠵᠢᠵᠤ | ᠪᠠᠶᠢᠨ᠎ᠠ᠃ ᠪᠠᠯᠭᠠᠰᠤᠨ ᠤ ᠨᠠᠰᠤᠨ ᠳᠤ ᠦᠯᠦ ᠬᠦᠷᠦᠭᠰᠡᠳ ᠤᠨ ᠵᠤᠨ ᠤ ᠠᠮᠠᠷᠠᠯᠲᠠ ᠶᠢᠨ ᠬᠤᠭᠤᠴᠠᠭᠠᠨ ᠤ | ᠣᠶᠤᠨ ᠤ ᠪᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠨᠠᠰᠤᠨ ᠳᠤ ᠦᠯᠦ | ᠬᠦᠷᠦᠭᠰᠡᠳ ᠤᠨ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠢ ᠬᠥᠮᠦᠵᠢᠭᠦᠯᠬᠦ ᠶᠢᠨ ᠲᠥᠯᠥᠭᠡ᠂ ᠢᠳᠡᠪᠬᠢᠲᠡᠢ ᠪᠠᠷ | ᠥᠭᠡᠳᠡᠯᠡᠨ ᠳᠠᠪᠰᠢᠬᠤ ᠨᠣᠮ ᠤᠩᠰᠢᠬᠤ ᠠᠭᠤᠷ ᠠᠮᠢᠰᠬᠤᠯ ᠢ ᠪᠣᠢ ᠪᠣᠯᠭᠠᠪᠠ᠃ 8 ᠰᠠᠷ᠎ᠠ ᠶᠢᠨ 7 ᠤ ᠡᠳᠦᠷ᠂ | ᠰᠢᠶᠠ ᠱᠢ ᠬᠤᠤ ᠪᠠᠯᠭᠠᠰᠤᠨ ᠤ ᠲᠠᠯ᠎ᠠ ᠨᠤᠲᠤᠭ ᠤᠨ ᠨᠣᠮ ᠤᠨ ᠤᠢᠷᠤᠭᠡ ᠪᠣᠯᠤᠨ ᠰᠢᠶᠠ ᠱᠢ ᠬᠤᠤ ᠪᠠᠯᠭᠠᠰᠤᠨ ᠤ | ᠡᠪᠯᠡᠯ ᠤᠨ ᠬᠤᠷᠢᠶ᠎ᠠ ᠬᠠᠮᠲᠤ ᠪᠠᠷ ︽ᠪᠠᠭᠠᠴᠤᠳ ᠬᠡᠦᠬᠡᠳ ᠤᠨ ᠤᠩᠰᠢᠯᠭ᠎ᠠ᠄ ᠰᠡᠳᠬᠢᠯ ᠢᠶᠠᠷ ᠨᠣᠮ ᠤᠩᠰᠢᠵᠤ᠂ | ᠨᠣᠮ ᠤᠨ ᠦᠨᠦᠷ ᠲᠠᠢ ᠬᠠᠨᠢᠯᠠᠬᠤ︾ ᠨᠠᠰᠤᠨ ᠳᠤ ᠦᠯᠦ ᠬᠦᠷᠦᠭᠰᠡᠳ ᠤᠨ ᠨᠣᠮ ᠤᠩᠰᠢᠬᠤ ᠭᠤᠣᠯ ᠰᠡᠳᠦᠪᠲᠦ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠬᠡᠦᠬᠡᠳ ᠤᠳ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠥᠪᠡᠷ ᠤᠨ ᠤᠩᠰᠢᠯᠭ᠎ᠠ ᠶᠢᠨ ᠭᠤᠶᠢᠳᠠ ᠰᠠᠶᠢᠬᠠᠨ ᠬᠡᠰᠡᠭ | ᠪᠠ ᠣᠯᠤᠯᠲᠠ ᠲᠥᠷᠥᠭᠳᠡᠯ ᠢᠶᠠᠨ ᠬᠤᠪᠢᠶᠠᠯᠴᠠᠪᠠ᠃ ᠵᠠᠷᠢᠮ ᠬᠡᠦᠬᠡᠳ᠂ ᠬᠡᠦᠬᠡᠳ ᠤᠨ ᠦᠯᠢᠭᠡᠷ ᠤᠨ | ᠶᠢᠷᠲᠢᠨᠴᠦ ᠳᠠᠬᠢ ᠬᠠᠴᠢᠨ ᠰᠠᠶᠢᠬᠠᠨ ᠭᠡᠨᠡᠨ ᠠᠵᠢᠯᠯᠠᠭ᠎ᠠ ᠶᠢ ᠶᠠᠷᠢᠵᠤ᠂ ᠵᠠᠷᠢᠮ ᠨᠢ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠨᠣᠮ ᠪᠢᠴᠢᠭ ᠠᠴᠠ ᠣᠯᠤᠭᠰᠠᠨ ᠰᠢᠨᠵᠢᠯᠡᠬᠦ ᠤᠬᠠᠭᠠᠨ ᠤ ᠮᠡᠳᠡᠯᠭᠡ ᠶᠢ ᠬᠤᠪᠢᠶᠠᠯᠴᠠᠵᠤ᠂ ᠪᠠᠰᠠ | ᠵᠠᠷᠢᠮ ᠨᠢ ᠲᠡᠦᠬᠡ ᠶᠢᠨ ᠦᠯᠢᠭᠡᠷ ᠤᠨ ᠲᠤᠬᠠᠢ ᠭᠦᠨᠵᠡᠭᠡᠢ ᠣᠶᠢᠯᠠᠭᠠᠯᠲᠠ ᠪᠠᠨ ᠢᠯᠡᠳᠬᠡᠵᠡᠢ᠃ ᠲᠡᠳᠡ ᠴᠢᠩ | ᠦᠨᠡᠨᠴᠢ ᠬᠠᠶᠢᠷ᠎ᠠ ᠰᠡᠳᠬᠢᠯᠭᠡ ᠪᠠᠨ ᠠᠮᠢᠳᠤᠯᠢᠭ ᠢᠶᠠᠷ ᠶᠠᠷᠢᠵᠤ᠂ ᠲᠤᠬᠠᠢ ᠶᠢᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ | ᠲᠠᠰᠢᠵᠤ᠂ ᠠᠭᠠᠷ ᠲᠤ ᠪᠢᠴᠢᠭ ᠤᠨ ᠦᠨᠦᠷ ᠪᠠ ᠣᠶᠤᠨ ᠤᠬᠠᠭᠠᠨ ᠤ ᠠᠭᠤᠷ ᠠᠮᠢᠰᠬᠤᠯ ᠪᠢᠯᠬᠠᠨ᠎ᠠ᠃ | ᠲᠤᠰ ᠤᠳᠠᠭᠠᠨ ᠤ ᠨᠠᠰᠤᠨ ᠳᠤ ᠦᠯᠦ ᠬᠦᠷᠦᠭᠰᠡᠳ ᠤᠨ ᠤᠩᠰᠢᠯᠭ᠎ᠠ ᠶᠢᠨ ᠠᠵᠢᠯᠯᠠᠭ᠎ᠠ ᠶᠢ ᠠᠮᠵᠢᠯᠲᠠ ᠲᠠᠢ | ᠡᠷᠬᠢᠯᠡᠭᠰᠡᠨ ᠨᠢ ᠰᠢᠶᠠ ᠱᠢ ᠬᠤᠤ ᠪᠠᠯᠭᠠᠰᠤᠨ ᠳᠤ ᠭᠦᠨ ᠵᠤᠵᠠᠭᠠᠨ ᠤᠩᠰᠢᠯᠭ᠎ᠠ ᠶᠢᠨ ᠠᠭᠤᠷ ᠠᠮᠢᠰᠬᠤᠯ ᠢ ᠪᠣᠢ | ᠪᠣᠯᠭᠠᠵᠤ᠂ ᠨᠠᠰᠤᠨ ᠳᠤ ᠦᠯᠦ ᠬᠦᠷᠦᠭᠰᠡᠳ ᠤᠨ ᠤᠩᠰᠢᠯᠭ᠎ᠠ ᠶᠢᠨ ᠤᠷᠮ᠎ᠠ ᠪᠠᠬ᠎ᠠ ᠶᠢ ᠬᠥᠭᠵᠢᠭᠡᠵᠦ᠂ ᠲᠡᠳᠡᠨ ᠤ | ᠦᠰᠦᠨ ᠪᠤᠶᠢᠵᠢᠯᠲᠠ ᠶᠢᠨ ᠵᠠᠮ ᠳᠤ ᠲᠠᠰᠤᠷᠠᠯᠲᠠ ᠦᠭᠡᠢ ᠮᠡᠳᠡᠯᠭᠡ ᠶᠢᠨ ᠬᠦᠴᠦᠨ ᠨᠡᠮᠡᠷᠢᠯᠡᠭᠰᠡᠨ ᠪᠠᠶᠢᠨ᠎ᠠ᠃ | ᠤᠩᠰᠢᠯᠭ᠎ᠠ ᠨᠢ ᠲᠡᠳᠡᠨ ᠤ ᠠᠮᠢᠳᠤᠷᠠᠯ ᠳᠠᠬᠢ ᠳᠤᠲᠠᠭᠳᠠᠵᠤ ᠪᠣᠯᠤᠰᠢ ᠦᠭᠡᠢ ᠨᠢᠭᠡ ᠬᠡᠰᠡᠭ ᠪᠣᠯᠵᠤ᠂ ᠲᠡᠳᠡᠨ ᠤ | ᠢᠳᠡᠷᠡᠭᠦᠨ ᠢᠶᠠᠷ ᠥᠰᠦᠨ ᠪᠤᠶᠢᠵᠢᠬᠤ ᠳᠤ ᠬᠠᠨᠢ ᠪᠣᠯᠵᠤ ᠨᠡᠩ ᠰᠠᠶᠢᠨ ᠰᠠᠶᠢᠬᠠᠨ ᠢᠷᠡᠭᠡᠳᠦᠢ ᠲᠠᠢ ᠪᠣᠯᠤᠨ᠎ᠠ ᠭᠡᠳᠡᠭ ᠢ | ᠢᠲᠡᠭᠡᠵᠦ ᠪᠠᠶᠢᠨ᠎ᠠ᠃ |