ᠰᠠᠶᠢᠨ ᠰᠠᠶᠢᠬᠠᠨ ᠭᠡᠷ ᠤᠨ ᠬᠡᠪ ᠰᠤᠷᠲᠠᠯ ᠢ ᠤᠯᠠᠮᠵᠢᠯᠠᠨ ᠵᠠᠯᠭᠠᠮᠵᠢᠯᠠᠭᠰᠠᠨ ᠮᠠ ᠬᠤᠢ ᠲᠤᠤ ᠶᠢᠨ ᠭᠡᠷ ᠪᠦᠯᠢ
ᠨᠡᠶᠢᠲᠡᠯᠡᠭᠰᠡᠨ ᠴᠠᠭ᠄
2024/8/11
    ᠭᠡᠷ ᠪᠦᠯᠢ ᠪᠣᠯ ᠨᠡᠶᠢᠭᠡᠮ ᠤᠨ ᠦᠨᠳᠦᠰᠦᠨ ᠡᠰ ᠮᠥᠨ᠃ ᠬᠤᠪᠢ ᠬᠥᠮᠦᠨ ᠤ ᠵᠣᠯ ᠵᠢᠷᠭᠠᠯᠲᠤ ᠠᠮᠢᠳᠤᠷᠠᠯ ᠤᠨ ᠭᠠᠷᠠᠮ᠂ ᠮᠥᠨ ᠴᠤ ᠬᠥᠮᠦᠨ ᠨᠢᠭᠡᠪᠦᠷᠢ ᠶᠢᠨ ᠠᠩᠬᠠᠳᠠᠭᠴᠢ ᠰᠤᠷᠭᠠᠭᠤᠯᠢ᠃ ᠭᠡᠷ ᠪᠦᠯᠢ ᠡᠶ᠎ᠡ ᠨᠠᠶᠢᠷᠲᠠᠢ ᠪᠣᠯ ᠨᠡᠶᠢᠭᠡᠮ ᠠᠮᠤᠷ ᠲᠣᠭᠲᠠᠭᠤᠨ᠂ ᠭᠡᠷ ᠪᠦᠯᠢ ᠵᠣᠯ ᠵᠢᠷᠭᠠᠯ ᠲᠠᠢ ᠪᠣᠯ ᠨᠡᠶᠢᠭᠡᠮ ᠡᠶ᠎ᠡ ᠨᠠᠶᠢᠷᠠᠮᠳᠠᠭᠤ᠂ ᠭᠡᠷ ᠪᠦᠯᠢ ᠶᠢᠨ ᠪᠣᠯᠪᠠᠰᠤᠨ ᠪᠣᠯ ᠨᠡᠶᠢᠭᠡᠮ ᠤᠨ ᠪᠣᠯᠪᠠᠰᠤᠨ ᠪᠣᠯᠤᠨ᠎ᠠ᠃    ᠭᠡᠷ ᠤᠨ ᠰᠤᠷᠭᠠᠯ ᠪᠣᠯ ᠨᠢᠭᠡ ᠬᠥᠮᠦᠨ ᠤ ᠨᠢᠭᠡ ᠨᠠᠰᠤᠨ ᠤ ᠠᠩᠬᠠᠨ ᠤ ᠬᠥᠮᠦᠵᠢᠯ ᠮᠥᠨ᠂ ᠬᠠᠮᠤᠭ ᠤᠨ ᠰᠠᠭᠤᠷᠢ᠂ ᠬᠠᠮᠤᠭ ᠤᠨ ᠰᠢᠭᠤᠳ᠂ ᠬᠠᠮᠤᠭ ᠤᠨ ᠪᠦᠲᠦᠮᠵᠢᠲᠡᠢ ᠰᠤᠷᠭᠠᠨ ᠬᠥᠮᠦᠵᠢᠯ ᠤᠨ ᠠᠷᠭ᠎ᠠ ᠬᠡᠯᠪᠡᠷᠢ ᠂  ᠭᠡᠷ ᠪᠦᠯᠢ ᠶᠢᠨ ᠣᠶᠤᠨ ᠰᠠᠨᠠᠭᠠᠨ ᠤ ᠳᠣᠲᠣᠷᠠᠬᠢ ᠲᠥᠪ ᠤᠨ ᠪᠣᠳᠠᠲᠠᠢ ᠢᠯᠡᠷᠡᠯ ᠮᠥᠨ᠃ ᠬᠡᠦᠬᠡᠳ ᠤᠨ ᠨᠢᠭᠡᠳᠦᠭᠡᠷ ᠬᠢᠴᠢᠶᠡᠯ ᠤᠨ ᠲᠠᠩᠬᠢᠮ᠂ ᠵᠠᠩ ᠮᠣᠷᠠᠯ ᠤᠨ ᠬᠥᠮᠦᠵᠢᠯ ᠤᠨ ᠲᠡᠷᠢᠭᠦᠨ ᠴᠢᠬᠤᠯᠠ ᠵᠢᠭᠰᠠᠭᠠᠯ ᠤᠨ ᠭᠠᠵᠠᠷ᠂ ᠪᠠᠰᠠ ᠴᠤ ᠬᠤᠪᠢᠰᠬᠠᠯ ᠤᠨ ᠭᠡᠷ ᠤᠨ ᠰᠤᠷᠲᠠᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠠᠷᠭ᠎ᠠ ᠵᠠᠮ ᠮᠥᠨ᠃    ᠭᠡᠷ ᠤᠨ ᠰᠤᠷᠲᠠᠯ ᠪᠣᠯ ᠨᠡᠶᠢᠭᠡᠮ ᠤᠨ ᠬᠡᠪ ᠰᠤᠷᠲᠠᠯ ᠢ ᠨᠥᠯᠥᠭᠡᠯᠡᠬᠦ ᠴᠢᠬᠤᠯᠠ ᠡᠬᠢ ᠰᠤᠷᠪᠤᠯᠵᠢ ᠮᠥᠨ᠃ ᠨᠡᠶᠢᠭᠡᠮ ᠤᠨ ᠬᠡᠪ ᠰᠤᠷᠲᠠᠯ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠨᠢᠭᠡ ᠭᠡᠷ ᠪᠦᠯᠢ ᠶᠢᠨ ᠤᠯᠠᠮᠵᠢᠯᠠᠯᠲᠤ ᠬᠡᠪ ᠰᠤᠷᠲᠠᠯ ᠮᠥᠨ᠃ ᠭᠡᠷ ᠪᠦᠯᠢ ᠶᠢᠨ ᠥᠷᠲᠡᠭ ᠤᠨ ᠤᠯᠠᠮᠵᠢᠯᠠᠯ ᠪᠠ ᠰᠣᠶᠣᠯ ᠤᠨ ᠵᠠᠩ ᠴᠢᠨᠠᠷ ᠢ ᠢᠯᠡᠷᠡᠭᠦᠯᠵᠦ ᠪᠠᠶᠢᠳᠠᠭ᠃ ᠭᠡᠷ ᠪᠦᠯᠢ ᠶᠢᠨ ᠭᠡᠷ ᠤᠨ ᠰᠤᠷᠭᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠠᠷᠠᠳ ᠢᠷᠭᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠴᠢᠨᠠᠷ ᠪᠣᠯᠤᠨ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠪᠥᠬᠦ ᠰᠢᠶᠠᠨ ᠤ ᠥᠷᠭᠡᠨ ᠣᠯᠠᠨ ᠭᠡᠷ ᠪᠦᠯᠢ ᠶᠢ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠴᠠᠭ ᠦᠶ᠎ᠡ ᠶᠢᠨ ᠭᠡᠷ ᠪᠦᠯᠢ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠭᠦᠶᠡᠩ ᠰᠢᠶᠠᠨ ᠤ ᠪᠣᠯᠪᠠᠰᠤᠨ ᠤ ᠠᠯᠪᠠᠨ ᠭᠡᠷ ︽ᠭᠡᠷ ᠤᠨ ᠰᠤᠷᠲᠠᠯ ᠭᠡᠷ ᠤᠨ ᠰᠤᠷᠭᠠᠯ ᠤᠨ ᠤᠯᠠᠮᠵᠢᠯᠠᠯ︾ ᠭᠡᠬᠦ ᠲᠤᠰᠬᠠᠢ ᠪᠤᠯᠤᠩ ᠭᠠᠷᠭᠠᠵᠤ᠂ ᠪᠢᠳᠡ ᠬᠠᠮᠲᠤ ᠪᠠᠷ ᠳᠡᠷᠭᠡᠳᠡᠬᠢ ᠪᠣᠯᠪᠠᠰᠤᠨ ᠭᠡᠷ ᠪᠦᠯᠢ ᠳᠤ ᠬᠦᠷᠴᠦ᠂ ᠡᠶ᠎ᠡ ᠨᠠᠶᠢᠷᠠᠮᠳᠠᠭᠤ ᠪᠠᠭ᠎ᠠ ᠭᠡᠷ ᠪᠦᠯᠢ ᠪᠠᠷ ᠨᠡᠶᠢᠭᠡᠮ ᠤᠨ ᠶᠡᠭᠡ ᠡᠶ᠎ᠡ ᠵᠣᠬᠢᠴᠠᠯ ᠢ ᠬᠠᠮᠲᠤ ᠪᠠᠷ ᠪᠦᠲᠦᠭᠡᠨ ᠪᠠᠶᠢᠭᠤᠯᠪᠠ᠃    ᠮᠠ ᠬᠤᠢ ᠲᠤᠤ ᠶᠢᠨ ᠭᠡᠷ ᠪᠦᠯᠢ ᠪᠣᠯ ᠭᠦᠶᠡᠩ ᠰᠢᠶᠠᠨ ᠤ ᠰᠢᠩ ᠱᠦᠨ ᠰᠢ ᠪᠠᠯᠭᠠᠰᠤᠨ ᠤ ᠳ᠋ᠤᠸᠠᠨ ᠮᠦᠸᠧ ᠹᠠᠩ ᠲᠣᠰᠬᠤᠨ ᠳᠤ ᠪᠠᠶᠢᠷᠢᠯᠠᠵᠤ᠂ 2023 ᠣᠨ ᠳᠤ ᠭᠦᠶᠡᠩ ᠰᠢᠶᠠᠨ ᠤ ᠱᠠᠲᠤᠨ ᠤ ᠪᠣᠯᠪᠠᠰᠤᠨ ᠭᠡᠷ ᠪᠦᠯᠢ ᠪᠠᠷ ᠦᠨᠡᠯᠡᠭᠳᠡᠪᠡ᠃     ᠮᠠ ᠬᠤᠢ ᠲᠣᠣ ᠬᠡᠦᠬᠡᠳ ᠦᠶ᠎ᠡ ᠠᠴᠠ ᠤᠷᠠᠨ ᠭᠠᠷ ᠲᠠᠢ᠂ ᠰᠤᠯᠠ ᠰᠡᠯᠡᠭᠦᠦ ᠴᠠᠭ ᠲᠤ ᠨᠢᠭᠡ ᠪᠦᠯᠦᠭ ᠡᠷᠳᠡᠨᠢ ᠰᠢᠰᠢ ᠶᠢᠨ ᠬᠠᠯᠢᠰᠤᠨ ᠵᠢᠵᠢᠭ ᠰᠠᠭᠰᠤ᠂ ᠣᠷᠢᠶᠠᠩᠭᠤ ᠶᠢᠨ ᠭᠦᠷᠦᠮᠡᠯ ᠤᠨ ᠪᠣᠭᠤᠳᠠᠯ ᠵᠡᠷᠭᠡ ᠭᠠᠷ ᠤᠷᠠᠯᠠᠯ ᠢ ᠰᠦᠯᠵᠢᠬᠦ ᠳᠤᠷᠠᠲᠠᠢ᠃ ᠥᠬᠢᠨ ᠲᠠᠢ ᠬᠠᠮᠲᠤ ᠰᠤᠷᠤᠯᠴᠠᠵᠤ ᠪᠠᠶᠢᠬᠤ ᠬᠤᠭᠤᠴᠠᠭᠠᠨ ᠳᠤ ᠮᠠ ᠬᠤᠢ ᠲᠤᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠭᠰᠠᠨ ᠡᠷᠳᠡᠨᠢ ᠰᠢᠰᠢ ᠶᠢᠨ ᠬᠠᠯᠢᠰᠤᠨ ᠨᠡᠬᠡᠯ ᠤᠨ ᠪᠣᠯᠪᠠᠰᠤᠷᠠᠯ ᠤᠨ ᠠᠩᠭᠢ ᠳᠤ ᠣᠷᠣᠯᠴᠠᠵᠤ᠂ ᠰᠤᠷᠤᠯᠴᠠᠯᠭ᠎ᠠ ᠳᠠᠭᠤᠰᠤᠭᠰᠠᠨ ᠤ ᠳᠠᠷᠠᠭ᠎ᠠ᠂ ᠮᠠ ᠬᠤᠢ ᠲᠤᠤ ᠥᠪᠡᠷ ᠤᠨ ᠳᠤᠷ᠎ᠠ ᠰᠣᠨᠢᠷᠬᠠᠯ ᠢᠶᠠᠷ ᠢᠶᠠᠨ ᠨᠢᠭᠡ ᠬᠤᠪᠢ ᠦᠢᠯᠡᠰ ᠪᠣᠯᠭᠠᠬᠤ ᠪᠠᠷ ᠵᠣᠷᠢᠭ ᠰᠢᠭᠤᠳᠴᠠᠢ᠃ 2022 ᠣᠨ ᠤ 4 ᠰᠠᠷ᠎ᠠ ᠳᠤ᠂ ᠬᠠᠮᠲᠤ ᠪᠠᠷ ᠪᠠᠶᠢᠭᠤᠯᠬᠤ ᠨᠢᠭᠡᠴᠢ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠪᠣᠯᠤᠨ ᠲᠣᠰᠬᠤᠨ ᠤ ᠠᠷᠠᠳ ᠤᠨ ᠵᠥᠪᠯᠡᠯ ᠤᠨ ᠬᠠᠮᠲᠤ ᠶᠢᠨ ᠬᠠᠪᠰᠤᠷᠤᠯᠭ᠎ᠠ ᠳᠣᠣᠷ᠎ᠠ ︽ᠮᠠ ᠬᠤᠢ ᠲᠤᠤ ᠬᠥᠳᠡᠭᠡ ᠲᠣᠰᠬᠤᠨ ᠤ ᠠᠷᠠᠳ ᠤᠨ ᠵᠠᠩ ᠦᠢᠯᠡ ᠶᠢᠨ ᠭᠠᠷ ᠤᠷᠠᠯᠠᠯ ᠤᠨ ᠠᠵᠢᠯᠯᠠᠬᠤ ᠲᠠᠰᠤᠭ︾ ᠢ ᠪᠠᠶᠢᠭᠤᠯᠪᠠ᠃ ᠨᠡᠩ ᠣᠯᠠᠨ ᠲᠣᠰᠬᠤᠨ ᠤ ᠠᠷᠠᠳ ᠣᠯᠠᠨ ᠢ ᠣᠷᠣᠯᠴᠠᠭᠤᠯᠬᠤ ᠶᠢᠨ ᠲᠥᠯᠥᠭᠡ᠂ ᠮᠠ ᠬᠤᠢ ᠲᠤᠤ ᠭᠠᠷ ᠤᠷᠠᠯᠠᠯ ᠤᠨ ᠪᠣᠯᠪᠠᠰᠤᠷᠠᠯ ᠤᠨ ᠠᠩᠭᠢ ᠡᠷᠬᠢᠯᠡᠵᠦ᠂ ᠵᠣᠬᠢᠶᠠᠨ ᠪᠠᠶᠢᠭᠤᠯᠤᠯᠲᠠ ᠳᠤ ᠦᠨ᠎ᠡ ᠲᠥᠯᠥᠪᠦᠷᠢ ᠦᠭᠡᠢ ᠪᠠᠷ ᠰᠣᠨᠢᠷᠬᠠᠯᠲᠠᠢ ᠲᠣᠰᠬᠤᠨ ᠤ ᠠᠷᠠᠳ ᠲᠤ ᠪᠣᠯᠪᠠᠰᠤᠷᠠᠭᠤᠯᠤᠯ ᠬᠢᠵᠦ᠂ ᠲᠤᠰᠬᠠᠢ ᠮᠡᠷᠭᠡᠵᠢᠯ ᠤᠨ ᠪᠠᠭᠰᠢ ᠶᠢ ᠤᠷᠢᠵᠤ ᠭᠠᠷ ᠤᠷᠠᠯᠠᠯ ᠤᠨ ᠮᠡᠷᠭᠡᠵᠢᠯ ᠢ ᠶᠠᠷᠢᠭᠤᠯᠵᠤ᠂ ᠭᠠᠳᠠᠭᠰᠢ ᠭᠠᠷᠴᠤ ᠰᠤᠷᠤᠯᠴᠠᠵᠤ ᠲᠣᠭᠤᠷᠢᠨ ᠦᠵᠡᠵᠦ ᠨᠠᠶᠢᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠪᠡ᠃ ᠮᠠ ᠬᠤᠢ ᠲᠤᠤ ᠶᠢᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠶᠢᠨ ᠠᠴᠢ ᠪᠠᠷ᠂ ᠭᠠᠷ ᠤᠷᠠᠯᠠᠯ ᠤᠨ ᠳᠤᠷ᠎ᠠ ᠪᠠᠭ᠋ᠠᠲᠠᠳ ᠤᠨ ᠡᠩᠨᠡᠭᠡᠨ ᠤ ᠪᠤᠵᠠᠭᠠᠶᠢᠷᠠᠬᠤ ᠶᠢ ᠳᠠᠭᠠᠯᠳᠤᠨ᠂ ᠰᠢᠩ ᠱᠦᠨ ᠰᠢ ᠪᠠᠯᠭᠠᠰᠤᠨ ᠤ ᠬᠠᠳᠠᠭ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠤᠭᠳᠠᠵᠤ᠂ ᠦᠢᠯᠡᠴᠢᠯᠡᠭᠡᠨ ᠤ ᠠᠩᠭᠢ ᠪᠠᠶᠢᠭᠤᠯᠤᠭᠳᠠᠭᠰᠠᠨ ᠤ ᠳᠠᠷᠠᠭ᠎ᠠ ᠬᠡᠦᠬᠡᠳ ᠢᠶᠠᠨ ᠠᠰᠠᠷᠠᠨ ᠰᠤᠷᠭᠠᠭᠤᠯᠢ ᠳᠤ ᠪᠢᠴᠢᠭ ᠦᠵᠡᠭᠦᠯᠵᠦ ᠪᠠᠶᠢᠭ᠎ᠠ ᠡᠬᠡᠴᠦᠦᠯ᠂ ᠡᠬᠢᠨ ᠤ ᠭᠤᠷᠪᠠ ᠲᠠᠪᠤᠨ ᠬᠥᠮᠦᠨ ᠤ ᠵᠢᠵᠢᠭ ᠪᠦᠯᠬᠦᠮ ᠠᠴᠠ 20 ᠰᠢᠬᠠᠮ ᠬᠥᠮᠦᠨ ᠤ ︽ᠡᠮᠡᠭᠲᠡᠶᠢᠴᠦᠳ︾ ᠤᠨ ᠰᠦᠯᠵᠢᠨ ᠨᠡᠬᠡᠬᠦ ᠠᠩᠭᠢ ᠶᠢ ᠵᠣᠬᠢᠶᠠᠨ ᠪᠠᠶᠢᠭᠤᠯᠵᠠᠢ᠃ ᠣᠳᠣ ᠪᠣᠯᠲᠠᠯ᠎ᠠ᠂ ᠮᠠ ᠬᠤᠢ ᠲᠤᠤ ᠭᠠᠷ ᠤᠷᠠᠯᠠᠯ ᠤᠨ ᠠᠵᠢᠯᠯᠠᠬᠤ ᠲᠠᠰᠤᠭ ᠨᠢᠭᠡᠨᠲᠡ ᠣᠷᠢᠶᠠᠩᠭᠤ ᠰᠦᠯᠵᠢᠮᠡᠯ ᠨᠡᠬᠡᠬᠦ᠂ ᠡᠷᠳᠡᠨᠢ ᠰᠢᠰᠢ ᠶᠢᠨ ᠬᠠᠯᠢᠰᠤ ᠪᠠᠷ ᠨᠡᠬᠡᠬᠦ᠂ ᠭᠠᠷ ᠨᠣᠣᠰᠣᠨ ᠤᠲᠠᠰᠤᠲᠤ ᠨᠡᠬᠡᠮᠡᠯ ᠤᠨ ᠪᠣᠯᠪᠠᠰᠤᠷᠠᠯ ᠤᠨ ᠠᠩᠭᠢ ᠶᠢ 30 ᠬᠤᠭᠤᠴᠠᠭ᠎ᠠ ᠥᠷᠨᠢᠭᠦᠯᠵᠦ᠂ ᠰᠢᠩ ᠱᠦᠨ ᠰᠢ ᠪᠠᠯᠭᠠᠰᠤᠨ ᠤ ᠬᠠᠷᠢᠶ᠎ᠠ ᠣᠷᠣᠨ ᠤ ᠡᠮᠡᠭᠲᠡᠢ ᠪᠣᠯᠤᠨ 200 ᠭᠠᠷᠤᠢ ᠭᠦᠶᠡᠩ ᠰᠢᠶᠠᠨ ᠤ ᠰᠤᠷᠤᠭᠴᠢ ᠪᠠᠨ ᠬᠠᠷᠠᠭᠠᠯᠵᠠᠵᠤ ᠪᠠᠶᠢᠭ᠎ᠠ ᠡᠵᠢ ᠨᠡᠷ ᠢ ᠣᠷᠣᠯᠴᠠᠭᠤᠯᠵᠤ᠂ ᠰᠦᠯᠵᠢᠶᠡᠨ ᠳᠡᠭᠡᠷ᠎ᠡ ᠰᠤᠷᠤᠯᠴᠠᠭᠰᠠᠨ ᠬᠥᠮᠦᠨ ᠤ ᠲᠤᠭ᠎ᠠ 1000 ᠭᠠᠷᠤᠢ ᠬᠥᠮᠦᠨ ᠢ ᠳᠠᠪᠠᠵᠤ᠂ 20 ᠭᠠᠷᠤᠢ ᠪᠣᠯᠪᠠᠰᠤᠷᠠᠩᠭᠤᠢ ᠭᠠᠷ ᠢ ᠬᠥᠮᠦᠵᠢᠭᠦᠯᠵᠦ᠂ 500 ᠭᠠᠷᠤᠢ ᠬᠤᠪᠢ ᠵᠠᠬᠢᠶᠠᠯᠠᠭ᠎ᠠ ᠶᠢᠨ ᠬᠠᠭᠤᠳᠠᠰᠤ ᠶᠢ ᠬᠦᠯᠢᠶᠡᠨ ᠠᠪᠴᠤ᠂ ᠵᠢᠱᠢᠯᠲᠡ ᠪᠠᠷ ᠵᠢᠯ ᠪᠦᠷᠢ ᠶᠢᠨ ᠣᠷᠣᠯᠭ᠎ᠠ ᠶᠢ 5000 ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠎ᠡ᠃    ᠮᠠ ᠬᠤᠢ ᠲᠤᠤ ᠠᠮᠵᠢᠯᠲᠠ ᠣᠯᠤᠭᠰᠠᠨ ᠢᠶᠠᠨ ᠠᠵᠢᠯ ᠦᠢᠯᠡᠰ ᠪᠣᠯᠭᠠᠵᠤ᠂ ᠡᠩᠨᠡᠭᠡᠨ ᠤ ᠭᠡᠰᠢᠭᠦᠨ ᠢᠶᠠᠨ ᠳᠠᠭᠠᠭᠤᠯᠤᠨ ᠭᠠᠷ ᠢᠶᠠᠷ ᠠᠳᠠᠯ ᠦᠢᠯᠡᠰ ᠴᠣᠭᠴᠠᠯᠠᠬᠤ ᠬᠡᠯᠪᠡᠷᠢ ᠪᠠᠷ ᠭᠡᠷ ᠲᠡᠭᠡᠨ ᠰᠠᠭᠤᠵᠤ ᠣᠷᠣᠯᠭ᠎ᠠ ᠡᠭᠦᠳᠬᠦ ᠶᠢ ᠪᠡᠶᠡᠯᠡᠭᠦᠯᠪᠡ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号