ᠭᠦᠶᠡᠩ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠳᠠᠩᠰᠠ ᠡᠪᠬᠡᠮᠡᠯ ᠢ | ᠳᠡᠭᠡᠭᠰᠢᠯᠡᠭᠦᠯᠦᠨ ᠳᠡᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠤᠯᠠᠮ | ᠨᠢᠭᠡ ᠠᠯᠬᠤᠮ ᠠᠬᠢᠭᠤᠯᠬᠤ ᠶᠢᠨ ᠲᠥᠯᠥᠭᠡ᠂ ᠭᠦᠶᠡᠩ ᠤᠨ ᠣᠨᠴᠠᠯᠢᠭ ᠢ ᠢᠯᠡᠷᠡᠭᠦᠯᠦᠭᠰᠡᠨ᠂ ᠣᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠰᠠᠨ᠂ ᠣᠯᠠᠨ ᠲᠦᠮᠡᠨ ᠲᠠᠢ ᠣᠶᠢᠷᠠᠲᠤᠭᠰᠠᠨ᠂ ᠦᠷᠭᠦᠯᠵᠢᠯᠡᠭᠰᠡᠨ | ᠂ ᠨᠡᠶᠢᠭᠡᠮ ᠤᠨ ᠨᠥᠯᠥᠭᠡᠯᠡᠬᠦ ᠬᠦᠴᠦᠨ ᠢᠶᠠᠷ ᠶᠡᠭᠡ ᠨᠢᠭᠡ ᠪᠦᠯᠦᠭ ᠪᠣᠯᠪᠠᠰᠤᠨ ᠤ ᠦᠢᠯᠡᠳᠦᠯᠭᠡ ᠶᠢᠨ ᠨᠡᠷᠡᠲᠦ ᠲᠥᠷᠥᠯ | ᠲᠡᠮᠳᠡᠭᠲᠦ ᠶᠢᠨ ᠲᠥᠷᠥᠯ ᠵᠦᠢᠯ ᠢ ᠠᠭᠤᠳᠠᠯᠤᠨ ᠪᠤᠶᠢᠵᠢᠭᠤᠯᠵᠤ᠂ ᠪᠣᠯᠪᠠᠰᠤᠨ ᠤ ᠦᠢᠯᠡᠳᠦᠯᠭᠡ ᠶᠢᠨ ᠠᠵᠢᠯ ᠢ | ᠨᠠᠷᠢᠯᠢᠭ ᠣᠨᠣᠴᠠᠲᠠᠢ᠂ ᠪᠠᠶᠢᠩᠭᠤᠵᠢᠭᠰᠠᠨ᠂ ᠳᠥᠭᠦᠮᠴᠢᠯᠡᠭᠰᠡᠨ᠂ ᠨᠡᠷᠡᠲᠦ ᠲᠥᠷᠥᠯ ᠲᠡᠮᠳᠡᠭᠵᠢᠭᠦᠯᠦᠨ | ᠬᠥᠭᠵᠢᠭᠦᠯᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃ 8 ᠰᠠᠷ᠎ᠠ ᠶᠢᠨ 6 ᠤ ᠡᠳᠦᠷ᠂ ᠭᠦᠶᠡᠩ ᠰᠢᠶᠠᠨ | ︽ᠦᠵᠡᠰᠬᠦᠯᠡᠩᠲᠦ ᠭᠦᠶᠡᠩ ᠪᠣᠯᠪᠠᠰᠤᠨ ᠦᠨᠡᠨ ᠰᠡᠳᠬᠢᠯᠭᠡ ᠶᠢ ᠳᠠᠮᠵᠢᠭᠤᠯᠬᠤ︾ ᠳᠥᠷᠪᠡᠳᠦᠭᠡᠷ ᠬᠤᠭᠤᠴᠠᠭᠠᠨ ᠤ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠤᠷᠤᠯᠳᠤᠭᠠᠨ ᠤ | ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ᠃ | ᠲᠤᠰ ᠤᠳᠠᠭᠠᠨ ᠤ ᠤᠷᠤᠯᠳᠤᠭᠠᠨ ᠢ ᠭᠦᠶᠡᠩ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ | ᠭᠤᠣᠯᠯᠠᠨ ᠡᠷᠬᠢᠯᠡᠵᠦ᠂ ᠰᠢᠶᠠᠨ ᠤ ᠪᠣᠯᠪᠠᠰᠤᠨ ᠤ ᠠᠯᠪᠠᠨ ᠭᠡᠷ᠂ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠦᠢᠯᠡᠴᠢᠯᠡᠭᠡᠨ ᠤ ᠲᠥᠪ ᠳᠠᠭᠠᠭᠠᠴᠢᠯᠠᠨ ᠡᠷᠬᠢᠯᠡᠪᠡ᠃ ᠪᠤᠭᠤᠲᠤ ᠬᠤᠲᠠ ᠶᠢᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠣᠣ ᠬᠤᠩ ᠢᠦᠢ᠂ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠵᠣᠣ ᠯᠧᠢ ᠵᠢᠴᠢ | ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃ ᠡᠯ᠎ᠡ ᠪᠠᠯᠭᠠᠰᠤᠨ ᠤ ᠤᠬᠠᠭᠤᠯᠬᠤ ᠭᠡᠰᠢᠭᠦᠨ᠂ | ᠲᠥᠷᠥᠯ ᠵᠦᠢᠯ ᠤᠨ ᠲᠥᠯᠥᠭᠡᠯᠡᠭᠴᠢ ᠲᠤᠰ ᠤᠳᠠᠭᠠᠨ ᠤ ᠤᠷᠤᠯᠳᠤᠭᠠᠨ ᠢ ᠲᠣᠭᠤᠷᠢᠨ ᠦᠵᠡᠪᠡ᠃ | ᠲᠤᠰ ᠤᠳᠠᠭᠠᠨ ᠤ ᠤᠷᠤᠯᠳᠤᠭᠠᠨ ᠳᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ | ᠤᠳᠬ᠎ᠠ ᠤᠷᠠᠯᠢᠭ ᠰᠣᠶᠣᠯ ᠤᠨ ᠦᠢᠯᠡᠴᠢᠯᠡᠭᠡ᠂ ᠵᠠᠩ ᠳᠠᠳᠬᠠᠯ ᠢ ᠥᠭᠡᠷᠡᠴᠢᠯᠡᠬᠦ᠂ ᠨᠠᠰᠤᠲᠠᠨ ᠢ ᠬᠠᠪᠰᠤᠷᠤᠨ | ᠨᠢᠯᠬᠠᠰ ᠢ ᠬᠠᠮᠠᠭᠠᠯᠠᠬᠤ ᠵᠡᠷᠭᠡ ᠣᠯᠠᠨ ᠬᠦᠷᠢᠶᠡᠨ ᠤ 30 ᠭᠠᠷᠤᠢ ᠲᠥᠷᠥᠯ ᠵᠦᠢᠯ ᠨᠡᠷ᠎ᠡ ᠮᠡᠳᠡᠭᠦᠯᠵᠡᠢ᠃ | ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠤᠨ ᠬᠢᠨᠠᠨ ᠬᠠᠷᠭᠤᠭᠤᠯᠵᠤ ᠰᠢᠯᠢᠨ ᠰᠣᠩᠭᠤᠬᠤ ᠪᠠᠷ ᠳᠠᠮᠵᠢᠨ᠂ | ᠬᠠᠮᠤᠭ ᠡᠴᠦᠰ ᠲᠤ 10 ᠰᠢᠯᠢᠳᠡᠭ ᠲᠥᠷᠥᠯ ᠵᠦᠢᠯ ᠰᠣᠩᠭᠤᠭᠳᠠᠪᠠ᠃ | |