ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ | ᠦᠨᠡᠨᠴᠢ ᠬᠠᠶᠢᠷ᠎ᠠ᠂ ᠭᠡᠷ ᠪᠦᠯᠢ ᠶᠢᠨ ᠡᠶ᠎ᠡ ᠨᠠᠶᠢᠷᠠᠮᠳᠠᠭᠤ ᠰᠠᠶᠢᠨ ᠰᠠᠶᠢᠬᠠᠨ ᠵᠠᠩ ᠮᠣᠷᠠᠯ ᠢ ᠤᠯᠠᠮᠵᠢᠯᠠᠬᠤ ᠶᠢᠨ ᠬᠠᠮᠲᠤ | ᠲᠣᠰᠬᠤᠨ ᠤ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠥᠳᠬᠡᠨ ᠵᠤᠵᠠᠭᠠᠨ | ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ ᠵᠠᠩ ᠹᠠ ᠳ᠋ᠢ ᠲᠣᠰᠬᠤᠨ ᠤ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠣᠯᠣᠭᠠᠨ ᠰᠠᠷ᠎ᠠ ᠶᠢᠨ ᠳᠣᠯᠣᠭᠠᠨ ᠤ ᠪᠠᠶᠠᠷ ᠤᠨ | ᠡᠳᠦᠷ ᠬᠦᠷᠴᠦ ᠢᠷᠡᠬᠦ ᠲᠠᠰᠢᠷᠠᠮ ᠢᠶᠠᠷ ︽ᠬᠠᠶᠢᠷ᠎ᠠ ᠰᠡᠳᠬᠢᠯᠭᠡ ᠪᠢᠯᠬᠠᠭᠰᠠᠨ ᠳᠣᠯᠣᠭᠠᠨ ᠰᠠᠷ᠎ᠠ ᠶᠢᠨ ᠳᠣᠯᠣᠭᠠᠨ ᠤ | ᠡᠳᠦᠷ︾ ᠭᠡᠬᠦ ᠰᠢᠯᠦᠭ ᠤᠶᠠᠩᠭᠠᠯᠠᠬᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ | ᠠᠵᠢᠯᠯᠠᠭ᠎ᠠ ᠨᠢ ᠲᠣᠰᠬᠤᠨ ᠤ ᠨᠠᠮ ᠤᠨ ᠡᠭᠦᠷ ᠤᠨ ᠳᠡᠳ᠋ ᠱᠦᠵᠢ ᠵᠠᠩ ᠮᠦ ᠳ᠋ᠠᠨ ᠤ ᠬᠠᠯᠠᠭᠤᠨ ᠰᠡᠳᠬᠢᠯ ᠤᠨ | ᠪᠠᠶᠠᠷ ᠤᠨ ᠦᠭᠡ ᠳᠡᠭᠡᠨ ᠬᠥᠰᠢᠭᠡ ᠪᠠᠨ ᠰᠡᠬᠦᠵᠦ᠂ ᠵᠠᠩ ᠮᠦ ᠳ᠋ᠠᠨ ᠳᠣᠯᠣᠭᠠᠨ ᠰᠠᠷ᠎ᠠ ᠶᠢᠨ ᠳᠣᠯᠣᠭᠠᠨ ᠤ ᠪᠠᠶᠠᠷ ᠤᠨ | ᠰᠣᠶᠣᠯ ᠤᠨ ᠠᠭᠤᠯᠤᠭᠳᠠᠬᠤᠨ ᠪᠠ ᠲᠤᠰ ᠤᠳᠠᠭᠠᠨ ᠤ ᠠᠵᠢᠯᠯᠠᠭ᠎ᠠ ᠶᠢ ᠡᠷᠬᠢᠯᠡᠬᠦ ᠶᠢᠨ ᠴᠢᠬᠤᠯᠠ ᠠᠴᠢ | ᠬᠤᠯᠪᠣᠭᠳᠠᠯ ᠢ ᠴᠢᠬᠤᠯᠠᠴᠢᠯᠠᠵᠤ᠂ ᠣᠯᠠᠨ ᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠤᠯᠠᠮᠵᠢᠯᠠᠯᠲᠤ | ᠰᠣᠶᠣᠯ ᠤᠨ ᠷᠢᠳᠢ ᠰᠢᠳᠢ ᠶᠢ ᠬᠠᠮᠲᠤ ᠪᠠᠷ ᠮᠡᠳᠡᠷᠡᠪᠡ᠃ ᠳᠠᠷᠠᠭ᠎ᠠ ᠨᠢ ᠰᠢᠯᠦᠭ ᠳᠠᠭᠤᠯᠠᠯ ᠤᠨ ᠤᠩᠰᠢᠯᠭ᠎ᠠ | ᠥᠷᠨᠢᠭᠦᠯᠵᠦ᠂ ᠤᠶᠠᠩᠭᠠᠯᠠᠭᠴᠢᠳ ᠳᠣᠯᠣᠭᠠᠨ ᠰᠠᠷ᠎ᠠ ᠶᠢᠨ ᠰᠢᠨ᠎ᠡ ᠶᠢᠨ ᠪᠠᠶᠠᠷ ᠤᠨ ᠲᠠᠢ ᠬᠤᠯᠪᠣᠭᠳᠠᠬᠤ ᠡᠷᠲᠡᠨ ᠤ | ᠰᠢᠯᠦᠭ ᠳᠠᠭᠤᠯᠠᠯ ᠵᠢᠴᠢ ᠣᠳᠣ ᠦᠶ᠎ᠡ ᠶᠢᠨ ᠰᠢᠯᠦᠭ ᠳᠠᠭᠤᠤ ᠶᠢ ᠨᠠᠷᠢᠨ ᠨᠢᠮᠪᠠᠢ ᠰᠣᠩᠭᠤᠨ ᠤᠩᠰᠢᠪᠠ᠃ ᠤᠷᠠᠨ | ᠤᠩᠰᠢᠯᠭ᠎ᠠ ᠶᠢᠨ ᠬᠥᠮᠦᠰ ᠤᠨ ᠳᠠᠭᠤᠨ ᠨᠡᠶᠢᠯᠡᠵᠦ᠂ ᠦᠵᠡᠭᠴᠢᠳ ᠢ ᠰᠡᠳᠬᠢᠯ ᠬᠥᠳᠡᠯᠭᠡᠮ᠎ᠡ ᠢᠨᠠᠭ ᠳᠤᠷᠠᠯᠠᠯ ᠤᠨ | ᠦᠯᠢᠭᠡᠷ ᠲᠤ ᠣᠷᠣᠭᠤᠯᠪᠠ᠃ ᠲᠣᠰᠬᠤᠨ ᠤ ᠠᠷᠠᠳ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ | ᠳᠣᠯᠣᠭᠠᠨ ᠰᠠᠷ᠎ᠠ ᠶᠢᠨ ᠳᠣᠯᠣᠭᠠᠨ ᠤ ᠪᠠᠶᠠᠷ ᠤᠨ ᠤᠯᠠᠮᠵᠢᠯᠠᠯᠲᠤ ᠵᠠᠩ ᠳᠠᠳᠬᠠᠯ ᠪᠠ ᠰᠣᠶᠣᠯ ᠤᠨ ᠠᠭᠤᠯᠤᠭᠳᠠᠬᠤᠨ ᠢ | ᠣᠶᠢᠯᠠᠭᠠᠪᠠ᠃ | ᠡᠭᠦᠨ ᠠᠴᠠ ᠭᠠᠳᠠᠨ᠎ᠠ᠂ ᠬᠡᠰᠡᠭ ᠲᠣᠰᠬᠤᠨ ᠤ ᠠᠷᠠᠳ ᠪᠠᠰᠠ ᠰᠠᠶᠢᠨ ᠳᠤᠷ᠎ᠠ ᠠᠴᠠ ᠪᠠᠨ ᠠᠪᠢᠶᠠᠰ | ᠴᠢᠳᠠᠪᠤᠷᠢ ᠶᠢᠨ ᠦᠵᠡᠭᠦᠯᠦᠯᠭᠡ ᠶᠢ ᠵᠣᠬᠢᠶᠠᠨ ᠪᠠᠶᠢᠭᠤᠯᠵᠤ᠂ ᠠᠵᠢᠯᠯᠠᠭ᠎ᠠ ᠳᠤ ᠨᠡᠩ ᠣᠯᠠᠨ ᠥᠩᠭᠡ ᠪᠤᠳᠤᠭ ᠪᠠ | ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠲᠣᠰᠬᠤᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠦᠷᠭᠦᠯᠵᠢᠯᠡᠨ ︽ᠰᠣᠶᠣᠯ ᠢᠶᠠᠷ ᠬᠥᠮᠦᠨ ᠢ ᠬᠥᠮᠦᠵᠢᠭᠦᠯᠬᠦ︾ | ᠵᠣᠷᠢᠯᠲᠠ ᠶᠢ ᠪᠠᠷᠢᠮᠲᠠᠯᠠᠵᠤ᠂ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ | ᠲᠣᠰᠬᠤᠨ ᠤ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ | ᠰᠣᠶᠣᠯ ᠢ ᠬᠥᠭᠵᠢᠭᠦᠯᠦᠨ ᠮᠠᠨᠳᠤᠭᠤᠯᠬᠤ ᠪᠠ ᠨᠡᠶᠢᠭᠡᠮ ᠤᠨ ᠡᠶ᠎ᠡ ᠵᠣᠬᠢᠴᠠᠩᠭᠤᠢ ᠪᠠᠷ ᠬᠥᠭᠵᠢᠬᠦ ᠶᠢ ᠠᠬᠢᠭᠤᠯᠬᠤ | ᠪᠣᠯᠤᠨ᠎ᠠ᠃ | |