ᠭᠦᠶᠡᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠶᠢᠮᠠᠭ ᠬᠤᠲᠠ ᠶᠢᠨ ᠣᠨᠳᠣᠣ ᠭᠠᠵᠠᠷ ᠤᠨ ᠬᠠᠤᠯᠢ ᠬᠡᠷᠡᠭᠵᠢᠭᠦᠯᠬᠦ ᠳᠤᠭᠤᠶᠢᠯᠠᠩ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/15
    ᠵᠤᠨ ᠤ ᠤᠯᠠᠷᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠤᠯᠠᠮ ᠨᠢᠭᠡ ᠠᠯᠬᠤᠮ ᠴᠢᠩᠭᠠᠳᠬᠠᠵᠤ᠂ ᠵᠤᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠣᠪᠤᠶᠢᠮ᠎ᠠ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠢ ᠠᠷᠢᠯᠭᠠᠵᠤ᠂ ᠬᠦᠨᠳᠦ ᠣᠨᠴᠠ ᠶᠡᠭᠡ ᠵᠠᠮ ᠬᠠᠷᠢᠯᠴᠠᠭᠠᠨ ᠤ ᠠᠳᠠᠯ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 8 ᠰᠠᠷ᠎ᠠ ᠶᠢᠨ 12 ᠤᠨ ᠡᠳᠦᠷ᠂ ᠭᠦᠶᠡᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠢᠭᠡᠳ ᠠᠶᠢᠮᠠᠭ ᠬᠤᠲᠠ ᠶᠢᠨ ᠣᠨᠳᠣᠣ ᠭᠠᠵᠠᠷ ᠤᠨ ᠬᠠᠤᠯᠢ ᠬᠡᠷᠡᠭᠵᠢᠭᠦᠯᠬᠦ ᠳᠤᠭᠤᠶᠢᠯᠠᠩ ᠬᠠᠷᠢᠶᠠᠲᠤ ᠣᠷᠣᠨ ᠳᠠᠭᠠᠨ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠪᠡ ᠃ ᠦᠳᠡ ᠶᠢᠨ ᠡᠮᠦᠨ᠎ᠡ᠂ ᠦᠢᠯᠡᠴᠢᠯᠡᠭᠡᠨ ᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠤᠰ ᠤᠳᠠᠭᠠᠨ ᠤ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠠᠵᠢᠯ ᠤᠨ ᠰᠡᠳᠬᠢᠴᠡ᠂ ᠬᠠᠷᠠᠯᠲᠠ ᠶᠢᠨ ᠤᠳᠤᠷᠢᠳᠤᠮᠵᠢ᠂ ᠦᠢᠯᠡᠴᠢᠯᠡᠭᠡᠨ ᠤ ᠠᠷᠭ᠎ᠠ ᠮᠠᠶ᠋ᠢᠭ ᠵᠡᠷᠭᠡ ᠶᠢ ᠭᠦᠨᠵᠡᠭᠡᠢ ᠰᠣᠯᠢᠯᠴᠠᠨ ᠰᠤᠳᠤᠯᠤᠨ ᠶᠠᠷᠢᠯᠴᠠᠪᠠ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠵᠢᠭᠠᠨ ᠵᠢᠯᠣᠭᠤᠳᠣᠭᠴᠢ ᠸᠠᠩ ᠸᠧᠢ ᠪᠠᠰᠠ ᠣᠨᠳᠣᠣ ᠭᠠᠵᠠᠷ ᠤᠨ ᠰᠣᠯᠪᠢᠴᠠᠨ ᠬᠠᠤᠯᠢ ᠬᠡᠷᠡᠭᠵᠢᠭᠦᠯᠬᠦ ᠳᠤᠭᠤᠶᠢᠯᠠᠩ ᠳᠤ ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠦᠨᠳᠦᠰᠦᠨ ᠪᠠᠶᠢᠳᠠᠯ᠂ ᠵᠤᠨ ᠤ ᠤᠯᠠᠷᠢᠯ ᠤᠨ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠵᠢᠴᠢ ᠲᠤᠰ ᠤᠳᠠᠭᠠᠨ ᠤ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠴᠠᠭᠳᠠᠭᠠᠨ ᠤ ᠬᠦᠴᠦᠨ ᠤ ᠲᠣᠬᠢᠷᠠᠭᠤᠯᠤᠯᠲᠠ ᠪᠠ ᠬᠠᠤᠯᠢ ᠬᠡᠷᠡᠭᠵᠢᠭᠦᠯᠬᠦ ᠪᠠᠲᠤᠯᠠᠭ᠎ᠠ ᠵᠡᠷᠭᠡ ᠠᠵᠢᠯ ᠢ ᠲᠣᠪᠴᠢ ᠲᠠᠨᠢᠯᠴᠠᠭᠤᠯᠪᠠ᠃ ᠪᠠᠶᠢᠷᠢᠯᠠᠭᠤᠯᠤᠯᠲᠠ ᠶᠢᠨ ᠬᠤᠷᠠᠯ ᠤᠨ ᠳᠠᠷᠠᠭ᠎ᠠ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠳᠠᠷᠤᠢ ᠲᠦᠷᠭᠡᠨ ᠠᠵᠢᠯᠯᠠᠭ᠎ᠠ ᠥᠷᠨᠢᠭᠦᠯᠪᠡ᠃    ︽ᠲᠤᠰᠬᠠᠢ ᠮᠡᠷᠭᠡᠵᠢᠯ ᠤᠨ ᠲᠣᠭᠲᠠᠴᠠ ᠶᠢᠨ ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠲᠤ ᠲᠦᠰᠢᠭᠯᠡᠨ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠶᠢᠮᠠᠭ ᠬᠤᠲᠠ ᠶᠢᠨ ᠣᠨᠳᠣᠣ ᠭᠠᠵᠠᠷ ᠤᠨ ᠬᠠᠤᠯᠢ ᠬᠡᠷᠡᠭᠵᠢᠭᠦᠯᠬᠦ ᠳᠤᠭᠤᠶᠢᠯᠠᠩ ᠲᠠᠢ ᠬᠠᠮᠲᠤᠷᠠᠨ ᠵᠠᠰᠠᠮᠠᠯ ᠵᠠᠮ ᠤᠨ G210 ᠤᠯᠤᠰ ᠤᠨ ᠵᠠᠮ ᠢ ᠭᠤᠣᠯᠳᠠᠯᠭ᠎ᠠ ᠲᠠᠢ ᠠᠩᠬᠠᠷᠤᠨ ᠭᠦᠢᠴᠡᠳᠬᠡᠵᠦ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠵᠦ᠂ ︽ᠬᠤᠶᠠᠷ ᠠᠶᠠᠨᠴᠢᠳ ᠤᠨ ᠲᠡᠷᠭᠡ ᠨᠢᠭᠡ ᠠᠶᠤᠯᠲᠠᠢ ᠨᠢᠭᠡ ᠪᠠᠷᠠᠭ᠎ᠠ︾ ᠵᠡᠷᠭᠡ ᠭᠤᠣᠯᠳᠠᠯᠭ᠎ᠠ ᠲᠠᠢ ᠲᠡᠷᠭᠡ ᠬᠥᠰᠬᠡ ᠶᠢᠨ ᠠᠶᠠᠨᠴᠢᠳ ᠤᠨ ᠮᠠᠰᠢᠨ ᠲᠡᠷᠭᠡᠨ ᠤ ᠬᠥᠮᠦᠨ ᠤ ᠲᠤᠭ᠎ᠠ ᠠᠴᠠ ᠬᠡᠲᠦᠷᠡᠭᠰᠡᠨ᠂ ᠦᠨᠡᠮᠯᠡᠯ ᠦᠭᠡᠢ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ᠂ ᠵᠢᠯᠣᠭᠤᠴᠢ ᠠᠮᠤᠷ ᠲᠦᠪᠰᠢᠨ ᠤ ᠪᠦᠰᠡ ᠪᠦᠰᠡᠯᠡᠬᠦ ᠦᠭᠡᠢ᠂ ᠠᠶᠤᠯᠲᠠᠢ ᠬᠢᠮᠢ ᠶᠢᠨ ᠪᠣᠳᠠᠰ ᠢ ᠲᠡᠭᠡᠭᠡᠪᠦᠷᠢᠯᠡᠭᠰᠡᠨ ᠲᠡᠷᠭᠡ ᠬᠥᠰᠬᠡ ᠶᠢᠨ ᠲᠣᠭᠲᠠᠭᠠᠯ ᠶᠣᠰᠣᠭᠠᠷ ᠵᠠᠮ ᠨᠡᠪᠲᠡᠷᠡᠯᠭᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠨ ᠵᠠᠯᠠᠷᠠᠭᠤᠯᠪᠠ᠃    ᠲᠤᠰ ᠤᠳᠠᠭᠠᠨ ᠤ ᠠᠵᠢᠯᠯᠠᠭ᠎ᠠ ᠳᠤ᠂ 13 ᠴᠠᠭᠳᠠᠭᠠᠨ ᠤ ᠬᠦᠴᠦᠨ ᠢ ᠬᠥᠳᠡᠯᠭᠡᠵᠦ᠂ 3 ᠴᠠᠭᠳᠠᠭᠠᠨ ᠤ ᠲᠡᠷᠭᠡ ᠶᠢ ᠪᠠᠶᠢᠴᠠᠭᠠᠨ ᠭᠠᠷᠭᠠᠵᠤ᠂ 6 ᠳᠠᠭᠠᠭᠠᠴᠠ ᠠᠴᠠ ᠬᠡᠲᠦᠷᠡᠭᠰᠡᠨ ᠲᠡᠷᠭᠡ ᠶᠢ ᠪᠠᠶᠢᠴᠠᠭᠠᠨ ᠭᠠᠷᠭᠠᠵᠤ᠂ ᠲᠤᠰ ᠤᠳᠠᠭᠠᠨ ᠤ ᠣᠨᠳᠣᠣ ᠭᠠᠵᠠᠷ ᠤᠨ ᠰᠣᠯᠪᠢᠴᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠨᠢ ᠬᠠᠷᠢᠶᠠᠲᠤ ᠣᠷᠣᠨ ᠤ ᠵᠤᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠢ ᠲᠣᠭᠲᠠᠪᠤᠷᠢᠵᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠦᠬᠦ ᠲᠣᠭᠤᠷᠢᠭ ᠤᠨ ︽ᠨᠢᠭᠡ ᠬᠥᠯᠭᠡ ᠰᠢᠲᠠᠷ᠎ᠠ︾ ᠶᠢᠨ ᠠᠵᠢᠯ ᠤᠨ ᠰᠡᠳᠬᠢᠮᠵᠢ ᠶᠢ ᠪᠠᠷᠢᠮᠲᠠᠯᠠᠨ᠂ ᠣᠨᠳᠣᠣ ᠭᠠᠵᠠᠷ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠥᠷᠨᠢᠭᠦᠯᠵᠦ᠂ ᠵᠤᠨ ᠤ ᠤᠯᠠᠷᠢᠯ ᠤᠨ ᠠᠵᠢᠯᠯᠠᠭ᠎ᠠ ᠶᠢᠨ ᠠᠵᠢᠯ ᠤᠨ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠪᠣᠯᠤᠨ᠎ᠠ᠃
 
ᠢᠷᠡᠯᠲᠡ᠄ ᠭᠦᠶᠡᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号