ᠣᠳᠣ ᠠᠴᠠ ᠬᠤᠶᠠᠷ 200 ᠭᠠᠷᠤᠢ ᠵᠢᠯ ᠪᠣᠯᠤᠭᠰᠠᠨ ᠭᠦᠶᠡᠩ ᠴᠢᠨ ᠤᠯᠤᠰ ᠤᠨ ᠤᠷᠲᠤ ᠴᠠᠭᠠᠨ ᠬᠡᠷᠡᠮ ᠤᠨ | ᠪᠠᠭᠤᠷᠢ ᠨᠢ ᠠᠭᠤᠯᠠ ᠶᠢ ᠲᠦᠰᠢᠨ ᠪᠠᠶᠢᠭᠤᠯᠵᠤ᠂ ᠭᠦᠶᠡᠩ ᠰᠢᠶᠠᠨ ᠤ ᠬᠢᠯᠢ ᠳᠣᠲᠣᠷᠠᠬᠢ ᠬᠡᠷᠡᠮ ᠤᠨ ᠪᠦᠬᠦ | ᠤᠷᠲᠤ ᠨᠢ 95.6 ᠺᠢᠯᠣᠮᠧᠲᠷ᠂ ᠵᠠᠮ ᠳᠠᠭᠠᠤ 173 ᠰᠠᠭᠤᠷᠢ ᠳᠣᠬᠢᠶᠠᠨ ᠭᠠᠯ ᠤᠨ ᠲᠠᠪᠤᠨ ᠴᠠᠶᠢᠵᠠ ᠪᠠᠶᠢᠭᠤᠯᠵᠤ᠂ | ᠨᠢᠭᠡᠨ ᠪᠦᠷᠢᠨ ᠲᠡᠭᠦᠯᠳᠡᠷ ᠡᠷᠲᠡᠨ ᠤ ᠤᠷᠲᠤ ᠴᠠᠭᠠᠨ ᠬᠡᠷᠡᠮ ᠤᠨ ᠴᠡᠷᠢᠭ ᠤᠨ ᠶᠠᠪᠤᠳᠠᠯ ᠤᠨ ᠰᠡᠷᠭᠡᠶᠢᠯᠡᠯᠲᠡ ᠶᠢᠨ | ᠰᠢᠰᠲ᠋ᠧᠮ ᠪᠣᠯᠬᠤ ᠪᠥᠭᠡᠳ ᠮᠤᠨᠢ ᠠᠭᠤᠯᠠ ᠶᠢᠨ ᠤᠷᠲᠤ ᠴᠠᠭᠠᠨ ᠬᠡᠷᠡᠮ ᠤᠨ ᠴᠢᠬᠤᠯᠠ ᠪᠦᠷᠢᠯᠳᠦᠬᠦᠨ ᠬᠡᠰᠡᠭ | ᠪᠣᠯᠤᠨ᠎ᠠ᠃ ᠭᠦᠶᠡᠩ ᠤᠨ ᠴᠢᠨ ᠤᠯᠤᠰ ᠤᠨ ᠦᠶ᠎ᠡ ᠶᠢᠨ ᠤᠷᠲᠤ ᠴᠠᠭᠠᠨ ᠬᠡᠷᠡᠮ ᠢ ᠨᠡᠶᠢᠲᠡ ᠶᠢᠨ ᠣᠨ | ᠲᠣᠭᠠᠯᠠᠯ ᠠᠴᠠ ᠡᠮᠦᠨ᠎ᠡ 214 ᠣᠨ ᠠᠴᠠ ᠡᠬᠢᠯᠡᠨ ᠪᠠᠶᠢᠭᠤᠯᠵᠤ᠂ ᠴᠢᠨ ᠱᠢ ᠬᠤᠸᠠᠩ ᠵᠢᠷᠭᠤᠭᠠᠨ ᠤᠯᠤᠰ ᠢ | ᠨᠢᠭᠡᠳᠬᠡᠭᠰᠡᠨ ᠤ ᠳᠠᠷᠠᠭ᠎ᠠ᠂ ᠶᠡᠭᠡ ᠵᠠᠩᠵᠤᠨ ᠮᠧᠩ ᠳᠢᠶᠠᠨ ᠢ ᠲᠣᠮᠢᠯᠠᠨ ᠪᠠᠶᠢᠯᠳᠤᠭᠠᠨᠲᠤ ᠤᠯᠤᠰ ᠤᠨ ᠵᠤᠤ ᠶᠢᠨ | ᠬᠤᠶᠢᠲᠤ ᠬᠡᠰᠡᠭ ᠤᠨ ᠤᠷᠲᠤ ᠴᠠᠭᠠᠨ ᠬᠡᠷᠡᠮ ᠤᠨ ᠬᠤᠶᠢᠲᠤ ᠲᠠᠯ᠎ᠠ ᠳᠤ ᠪᠠᠶᠢᠭᠤᠯᠤᠭᠰᠠᠨ ᠨᠢᠭᠡᠨ ᠤᠷᠲᠤ ᠴᠠᠭᠠᠨ | ᠬᠡᠷᠡᠮ ᠢ ᠪᠠᠶᠢᠭᠤᠯᠵᠠᠢ᠃ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 127 ᠣᠨ ᠳᠤ᠂ ᠬᠠᠨ ᠡᠤ ᠳ᠋ᠢ ᠬᠠᠭᠠᠨ | ᠸᠧᠢ ᠴᠢᠩ ᠢ ᠲᠣᠮᠢᠯᠠᠨ ᠰᠠᠭᠤᠷᠢᠨ ᠳᠡᠭᠡᠷ᠎ᠡ ᠰᠡᠯᠪᠢᠨ ᠵᠠᠰᠠᠭᠤᠯᠵᠠᠢ᠃ ᠳᠤᠮᠳᠠᠳᠤ ᠤᠯᠤᠰ ᠤᠨ ᠤᠷᠲᠤ ᠴᠠᠭᠠᠨ | ᠬᠡᠷᠡᠮ ᠤᠨ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ᠂ ᠤᠷᠲᠤ ᠴᠠᠭᠠᠨ ᠬᠡᠷᠡᠮ ᠤᠨ ᠠᠯᠳᠠᠷᠲᠤ ᠲᠤᠰᠬᠠᠢ | ᠮᠡᠷᠭᠡᠵᠢᠯᠲᠡᠨ ᠳ᠋ᠦᠩ ᠶᠣᠣ ᠶᠢᠨ ᠦᠵᠡᠬᠦ ᠪᠠᠷ᠂ ᠭᠦᠶᠡᠩ ᠤᠨ ᠴᠢᠨ ᠤᠯᠤᠰ ᠤᠨ ᠤᠷᠲᠤ ᠴᠠᠭᠠᠨ ᠬᠡᠷᠡᠮ ᠳᠤ | ᠦᠨᠳᠦᠰᠦᠨ ᠳᠤ ᠪᠠᠨ ᠴᠢᠨ ᠤᠯᠤᠰ ᠤᠨ ᠤᠷᠲᠤ ᠴᠠᠭᠠᠨ ᠬᠡᠷᠡᠮ ᠤᠨ ᠪᠤᠢ ᠪᠦᠬᠦᠢ ᠪᠠᠷᠢᠯᠭ᠎ᠠ ᠶᠢᠨ ᠲᠥᠷᠥᠯ ᠵᠦᠢᠯ ᠢ | ᠪᠠᠭᠲᠠᠭᠠᠵᠤ᠂ ᠴᠢᠨ ᠱᠢ ᠬᠤᠸᠠᠩ ᠤᠨ ᠲᠦᠮᠡᠨ ᠭᠠᠵᠠᠷ ᠤᠨ ᠤᠷᠲᠤ ᠴᠠᠭᠠᠨ ᠬᠡᠷᠡᠮ ᠤᠨ ᠰᠣᠳᠣᠨ ᠭᠠᠵᠠᠷ ᠪᠠᠶᠢᠵᠤ᠂ | ᠲᠡᠦᠬᠡᠨ ᠳᠡᠭᠡᠷ᠎ᠡ ᠲᠦᠢᠯ ᠤᠨ ᠴᠢᠬᠤᠯᠠ ᠪᠠᠶᠢᠷᠢ ᠰᠠᠭᠤᠷᠢ ᠲᠠᠢ ᠪᠠᠶᠢᠵᠤ᠂ ᠮᠠᠰᠢ ᠴᠢᠩᠭ᠎ᠠ ᠲᠥᠯᠥᠭᠡᠯᠡᠬᠦ ᠴᠢᠨᠠᠷᠲᠠᠢ | ᠭᠡᠳᠡᠭ᠃ | ᠭᠦᠶᠡᠩ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠪ ᠤᠨ ᠡᠷᠬᠢᠯᠡᠭᠴᠢ ᠯᠦᠸᠧ ᠾᠧ | ᠫᠢᠩ ᠲᠤᠰ ᠬᠡᠰᠡᠭ ᠤᠷᠲᠤ ᠴᠠᠭᠠᠨ ᠬᠡᠷᠡᠮ ᠢ ᠬᠠᠮᠤᠭ ᠠᠴᠠ ᠰᠠᠶᠢᠨ ᠮᠡᠳᠡᠳᠡᠭ ᠬᠥᠮᠦᠨ ᠪᠣᠯᠤᠭᠰᠠᠨ ᠤ ᠬᠤᠪᠢ ᠳᠤ᠂ | ᠲᠡᠷᠡ ᠦᠷᠭᠦᠯᠵᠢ ᠰᠤᠯᠠ ᠰᠡᠯᠡᠭᠦᠦ ᠴᠠᠭ ᠢᠶᠠᠨ ᠠᠰᠢᠭᠯᠠᠵᠤ᠂ ᠠᠳᠡ ᠬᠦᠷᠴᠦ ᠲᠣᠭᠤᠷᠢᠨ ᠦᠵᠡᠵᠦ᠂ ᠰᠢᠨᠵᠢᠯᠡᠨ | ᠪᠠᠶᠢᠴᠠᠭᠠᠵᠤ ᠪᠠᠶᠢᠭ᠎ᠠ ᠬᠥᠮᠦᠰ ᠲᠤ ᠠᠯᠪᠠᠨ ᠵᠢᠷᠤᠮ ᠤᠨ ᠤᠷᠲᠤ ᠴᠠᠭᠠᠨ ᠬᠡᠷᠡᠮ ᠤᠨ ᠮᠡᠳᠡᠯᠭᠡ ᠪᠣᠯᠤᠨ ᠬᠠᠮᠢᠶ᠎ᠠ | ᠪᠦᠬᠦᠢ ᠲᠡᠦᠬᠡ ᠰᠣᠶᠣᠯ ᠢ ᠲᠠᠶᠢᠯᠪᠤᠷᠢᠯᠠᠵᠤ᠂ ᠬᠥᠮᠦᠰ ᠲᠤ ︽ᠭᠦᠶᠡᠩ ᠤᠨ ᠴᠢᠨ ᠤᠯᠤᠰ ᠤᠨ ᠤᠷᠲᠤ ᠴᠠᠭᠠᠨ | ᠬᠡᠷᠡᠮ ᠤᠨ ᠠᠯᠲᠠᠨ ᠮᠧᠳᠠᠯ ᠣᠯᠤᠮᠠᠷ ᠲᠠᠶᠢᠯᠪᠤᠷᠢᠯᠠᠭᠴᠢ︾ ᠭᠡᠳᠡᠭ᠃ 2005 ᠣᠨ ᠳᠤ ᠭᠦᠶᠡᠩ ᠰᠢᠶᠠᠨ ᠨᠢ | ᠰᠢᠶᠠᠨ ᠤ ᠬᠤᠲᠠ ᠠᠴᠠ ᠬᠠᠮᠤᠭ ᠣᠶᠢᠷ᠎ᠠ ᠺᠠᠩ ᠲᠤ ᠭᠧᠦ ᠬᠡᠰᠡᠭ ᠤᠨ ᠴᠢᠨ ᠤᠯᠤᠰ ᠤᠨ ᠤᠷᠲᠤ ᠴᠠᠭᠠᠨ ᠬᠡᠷᠡᠮ ᠤᠨ | ᠪᠠᠭᠤᠷᠢ ᠶᠢ ᠦᠵᠡᠮᠵᠢ ᠶᠢᠨ ᠣᠷᠣᠨ ᠤ ᠭᠠᠳᠠᠭᠠᠳᠤ ᠨᠡᠭᠡᠭᠡᠯᠲᠡ ᠪᠣᠯᠭᠠᠵᠤ᠂ ᠥᠪᠥᠷ ᠮᠣᠩᠭᠤᠯ ᠤᠨ ᠬᠡᠪᠴᠢᠶᠡᠨ ᠳᠤ | ᠨᠡᠯᠢᠶᠡᠳ ᠡᠷᠲᠡ ︽ᠰᠣᠶᠣᠯ ᠢᠶᠠᠷ ᠵᠢᠭᠤᠯᠴᠢᠯᠠᠯ ᠢ ᠠᠬᠢᠭᠤᠯᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ︾ | ᠰᠢᠨ᠎ᠡ ᠵᠠᠭᠪᠤᠷ ᠢ ᠡᠬᠢᠯᠡᠭᠦᠯᠵᠦ᠂ ᠪᠠᠰᠠ ᠴᠢᠨ ᠤᠯᠤᠰ ᠤᠨ ᠤᠷᠲᠤ ᠴᠠᠭᠠᠨ ᠬᠡᠷᠡᠮ ᠢᠶᠠᠷ ᠭᠤᠣᠯ ᠰᠡᠳᠦᠪ ᠪᠣᠯᠭᠠᠵᠤ᠂ | ᠰᠣᠶᠣᠯ ᠵᠢᠭᠤᠯᠴᠢᠯᠠᠯ ᠤᠨ ᠠᠭᠤᠰᠤᠯᠴᠠᠯ᠂ ᠰᠣᠶᠣᠯ ᠪᠡᠶ᠎ᠡ ᠶᠢᠨ ᠲᠠᠮᠢᠷ ᠤᠨ ᠠᠭᠤᠰᠤᠴᠠᠯ ᠵᠡᠷᠭᠡ ᠣᠯᠠᠨ ᠵᠦᠢᠯ ᠤᠨ | ᠬᠡᠯᠪᠡᠷᠢ ᠪᠠᠷ ᠳᠠᠮᠵᠢᠭᠤᠯᠤᠨ ᠠᠮᠢᠳᠤᠯᠢᠭ ᠠᠰᠢᠭᠯᠠᠬᠤ ᠶᠢ ᠪᠡᠶᠡᠯᠡᠭᠦᠯᠪᠡ᠃ | ᠣᠳᠣᠬᠠᠨ ᠳᠤ᠂ ︽ᠴᠢᠨ ᠤᠯᠤᠰ ᠤᠨ ᠤᠷᠲᠤ ᠴᠠᠭᠠᠨ ᠬᠡᠷᠡᠮ ᠢ ᠠᠶᠠᠯᠠᠬᠤ︾ ᠶᠠᠪᠠᠭᠠᠨ ᠢᠶᠠᠷ ᠰᠢᠨᠵᠢᠯᠡᠨ | ᠪᠠᠶᠢᠴᠠᠭᠠᠬᠤ᠂ ᠴᠢᠨ ᠤᠯᠤᠰ ᠤᠨ ᠤᠷᠲᠤ ᠴᠠᠭᠠᠨ ᠬᠡᠷᠡᠮ ᠤᠨ ᠪᠦᠬᠦ ᠤᠯᠤᠰ ᠤᠨ ᠭᠡᠷᠡᠯ ᠵᠢᠷᠤᠭ ᠤᠨ ᠤᠷᠤᠯᠳᠤᠭᠠᠨ᠂ | ᠴᠢᠨ ᠤᠯᠤᠰ ᠤᠨ ᠤᠷᠲᠤ ᠴᠠᠭᠠᠨ ᠬᠡᠷᠡᠮ ᠤᠨ ᠲᠡᠦᠬᠡ ᠰᠣᠶᠣᠯ ᠤᠨ ᠤᠯᠠᠮᠵᠢᠯᠠᠯ ᠪᠠ ᠬᠠᠮᠠᠭᠠᠯᠠᠯᠲᠠ ᠶᠢᠨ | ᠰᠤᠳᠤᠯᠤᠨ ᠶᠠᠷᠢᠯᠴᠠᠬᠤ ᠬᠤᠷᠠᠯ᠂ ᠴᠢᠨ ᠤᠯᠤᠰ ᠤᠨ ᠤᠷᠲᠤ ᠴᠠᠭᠠᠨ ᠬᠡᠷᠡᠮ ᠤᠨ ᠬᠠᠯᠠᠭᠤᠨ ᠬᠡᠶᠢᠲᠦ ᠪᠥᠮᠪᠦᠭᠡ ᠶᠢᠨ | ᠪᠠᠶᠠᠷ ᠤᠨ ᠡᠳᠦᠷ ᠁ ᠤᠷᠲᠤ ᠴᠠᠭᠠᠨ ᠬᠡᠷᠡᠮ ᠤᠨ ᠭᠤᠣᠯ ᠰᠡᠳᠦᠪᠲᠦ ᠰᠣᠶᠣᠯ ᠤᠨ ᠠᠯᠢ ᠣᠯᠠᠨ ᠠᠵᠢᠯᠯᠠᠭ᠎ᠠ ᠨᠢ | ᠤᠷᠲᠤ ᠴᠠᠭᠠᠨ ᠬᠡᠷᠡᠮ ᠤᠨ ᠰᠣᠶᠣᠯ ᠢ ᠣᠳᠣ ᠦᠶ᠎ᠡ ᠶᠢᠨ ᠬᠢ ᠲᠠᠢ ᠨᠢᠭᠲᠠ ᠬᠤᠯᠪᠣᠵᠠᠢ᠃ | ᠪᠡᠭᠡᠵᠢᠩ ᠶᠡᠭᠡ ᠰᠤᠷᠭᠠᠭᠤᠯᠢ ᠶᠢᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠬᠦᠷᠢᠶᠡᠯᠡᠩ ᠤᠨ | ᠫᠷᠤᠹᠧᠰᠰᠤᠷ ᠸᠠᠩ ᠬᠤᠤ ᠶᠢᠨ ᠲᠠᠨᠢᠯᠴᠠᠭᠤᠯᠤᠭᠰᠠᠨ ᠢᠶᠠᠷ᠂ ᠴᠢᠨ ᠤᠯᠤᠰ ᠤᠨ ᠤᠷᠲᠤ ᠴᠠᠭᠠᠨ ᠬᠡᠷᠡᠮ ᠤᠨ | ᠤᠯᠤᠰ ᠤᠨ ᠰᠣᠶᠣᠯ ᠤᠨ ᠴᠡᠴᠡᠷᠯᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠬᠦ ᠶᠢᠨ | ᠬᠠᠮᠲᠤ ᠴᠢᠨ ᠤᠯᠤᠰ ᠤᠨ ᠤᠷᠲᠤ ᠴᠠᠭᠠᠨ ᠬᠡᠷᠡᠮ ᠤᠨ ᠰᠦᠷ ᠵᠢᠪᠬᠤᠯᠠᠩᠲᠤ ᠪᠠᠶᠢᠭᠠᠯᠢ ᠶᠢᠨ ᠥᠩᠭᠡ ᠦᠵᠡᠮᠵᠢ ᠪᠠ | ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠢ ᠪᠦᠬᠦ ᠲᠠᠯ᠎ᠠ ᠪᠠᠷ ᠲᠣᠪᠤᠶᠢᠯᠭᠠᠵᠤ᠂ ᠲᠥᠷᠥᠯ ᠵᠦᠢᠯ ᠢᠶᠠᠷ ᠠᠮᠢ | ᠠᠬᠤᠢ ᠶᠢᠨ ᠵᠢᠭᠤᠯᠴᠢᠯᠠᠯ ᠤᠨ ᠣᠨᠣᠯᠵᠢᠬᠤᠨ ᠢ ᠪᠦᠬᠦ ᠲᠠᠯ᠎ᠠ ᠪᠠᠷ ᠲᠤᠤᠱᠯᠠᠭᠤᠯᠵᠤ᠂ ᠠᠮᠢ ᠠᠬᠤᠢ ᠶᠢᠨ ᠰᠣᠶᠣᠯ ᠤᠨ | ᠬᠠᠮᠠᠭᠠᠯᠠᠯᠲᠠ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠵᠡᠷᠭᠡ ᠣᠨᠣᠯᠵᠢᠬᠤᠨ ᠢ ᠡᠭᠦᠨ ᠤ ᠳᠣᠲᠣᠷ᠎ᠠ | ᠠᠭᠤᠰᠤᠯᠴᠠᠭᠤᠯᠪᠠ᠃ ᠭᠦᠶᠡᠩ ᠰᠢᠶᠠᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶᠠᠨ ᠤ ᠳᠡᠳ᠋ ᠳᠠᠷᠤᠭ᠎ᠠ ᠭᠦᠸᠧ ᠬᠤᠶ ᠸᠧᠨ ᠢᠯᠡᠷᠬᠡᠶᠢᠯᠡᠬᠦ ᠳᠡᠭᠡᠨ᠂ ᠡᠷᠲᠡᠨ ᠤ ᠤᠷᠲᠤ ᠴᠠᠭᠠᠨ ᠬᠡᠷᠡᠮ ᠢ | ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ ᠭᠦᠶᠡᠩ ᠰᠢᠶᠠᠨ ᠤ ᠠᠵᠤ ᠠᠬᠤᠢ ᠨᠡᠶᠢᠭᠡᠮ ᠰᠣᠶᠣᠯ ᠤᠨ ᠪᠦᠬᠦ | ᠲᠠᠯ᠎ᠠ ᠶᠢᠨ ᠬᠥᠭᠵᠢᠯᠲᠡ ᠶᠢ ᠳᠠᠶᠢᠴᠢᠯᠠᠬᠤ ᠪᠠᠷ ᠪᠠᠷᠠᠬᠤ ᠦᠭᠡᠢ᠂ ᠪᠤᠭᠤᠲᠤ ᠶᠢᠨ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠰᠢᠨ᠎ᠡ ᠴᠠᠭ ᠦᠶ᠎ᠡ ᠶᠢᠨ | ᠰᠣᠶᠣᠯ ᠤᠨ ᠥᠨᠳᠦᠷᠯᠢᠭ ᠢ ᠪᠠᠶᠢᠭᠤᠯᠬᠤ ᠳᠤ ᠨᠥᠬᠦᠴᠡᠯ ᠬᠠᠩᠭᠠᠵᠤ᠂ ᠪᠣᠯᠤᠯᠴᠠᠭ᠎ᠠ ᠶᠢ ᠡᠭᠦᠳᠴᠦ ᠴᠢᠳᠠᠨ᠎ᠠ ᠭᠡᠵᠡᠢ᠃ | | |