ᠵᠢᠨᠱᠠᠨ ᠪᠠᠯᠭᠠᠰᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠬᠢᠯᠡᠵᠦ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/8/20
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠵᠢᠭᠠᠪᠤᠷᠢ ᠶᠢ ᠢᠳᠡᠪᠬᠢᠲᠡᠢ ᠴᠤᠤᠷᠢᠶᠠᠲᠤᠨ ᠳᠠᠭᠠᠬᠤ ᠶᠢᠨ ᠲᠥᠯᠥᠭᠡ᠂ ᠵᠢᠨᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ 2024 ᠣᠨ ᠤ 8 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ ᠨᠠᠷᠢᠨ ᠨᠢᠮᠪᠠᠢ ᠲᠥᠰᠦᠪᠯᠡᠭᠰᠡᠨ ᠪᠥᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠨᠣᠯ ᠤᠨ ᠬᠡᠪ ᠪᠣᠯᠪᠠᠰᠤᠷᠠᠯ ᠪᠣᠯᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠪᠠ᠃ ᠲᠤᠰ ᠤᠳᠠᠭᠠᠨ ᠤ ᠪᠣᠯᠪᠠᠰᠤᠷᠠᠯ ᠤᠨ ᠠᠩᠭᠢ ᠶᠢ ᠵᠢᠨᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠯᠢ ᠫᠧᠢ ᠲᠢᠩ ᠪᠡᠶ᠎ᠡ ᠪᠠᠷ ᠢᠶᠠᠨ ᠳᠠᠭᠠᠭᠤᠯᠵᠤ᠂ ᠰᠢᠶᠠᠨ᠂ ᠪᠠᠯᠭᠠᠰᠤ ᠬᠤᠶᠠᠷ ᠱᠠᠲᠤᠨ ᠤ 45 ᠨᠡᠷᠡᠰ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠷᠣᠯᠴᠠᠵᠠᠢ᠃    ᠪᠣᠯᠪᠠᠰᠤᠷᠠᠯ ᠤᠨ ᠠᠩᠭᠢ ︽ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠡᠷᠢᠯᠬᠢᠯᠡᠬᠦ ︾ ᠪᠠᠷ ᠭᠤᠣᠯ ᠰᠡᠳᠦᠪ ᠪᠣᠯᠭᠠᠵᠤ᠂ ᠣᠨᠣᠯ ᠤᠨ ᠰᠤᠷᠤᠯᠴᠠᠯᠭ᠎ᠠ᠂ ᠲᠤᠬᠠᠢ ᠶᠢᠨ ᠲᠠᠯᠠᠪᠠᠢ ᠳᠤ ᠲᠣᠭᠤᠷᠢᠨ ᠦᠵᠡᠬᠦ᠂ ᠲᠤᠷᠰᠢᠯᠭ᠎ᠠ ᠰᠣᠯᠢᠯᠴᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠪᠣᠯᠪᠠᠰᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠦᠬᠦ ᠲᠠᠯ᠎ᠠ ᠪᠠᠷ᠂ ᠣᠯᠠᠨ ᠬᠠᠷᠠᠭᠠᠰᠤ ᠠᠴᠠ ᠳᠡᠭᠡᠭᠰᠢᠯᠡᠭᠦᠯᠪᠡ᠃    ᠨᠢᠭᠡ᠂ ᠲᠤᠬᠠᠢ ᠶᠢᠨ ᠲᠠᠯᠠᠪᠠᠢ ᠳᠤ ᠲᠣᠭᠤᠷᠢᠨ ᠦᠵᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠠᠭᠤᠷ ᠠᠮᠢᠰᠬᠤᠯ ᠢ ᠣᠶᠢᠯᠠᠭᠠᠪᠠ    ᠪᠣᠯᠪᠠᠰᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠡᠩ ᠲᠡᠷᠢᠭᠦᠨ ᠳᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠤᠯᠪᠣᠭ᠎ᠠ ᠠᠪᠬᠤ ᠥᠷᠲᠡᠭᠡ ᠶᠢ ᠲᠣᠭᠤᠷᠢᠨ ᠦᠵᠡᠭᠰᠡᠨ ᠪᠥᠭᠡᠳ ᠪᠠᠯᠭᠠᠰᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠢᠨᠵᠢᠯᠡᠨ ᠪᠠᠶᠢᠴᠠᠭᠠᠪᠠ᠃ ᠡᠳᠡᠭᠡᠷ ᠦᠨᠳᠦᠰᠦᠨ ᠱᠠᠲᠤᠨ ᠤ ᠥᠷᠲᠡᠭᠡ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠯᠠᠨ ᠲᠦᠮᠡᠨ ᠲᠠᠢ ᠬᠠᠷᠢᠯᠴᠠᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠯᠠᠨ ᠲᠦᠮᠡᠨ ᠲᠠᠢ ᠨᠢᠭᠲᠠ ᠬᠠᠷᠢᠯᠴᠠᠬᠤ᠂ ᠠᠷᠠᠳ ᠤᠨ ᠰᠠᠨᠠᠭ᠎ᠠ ᠶᠢ ᠢᠳᠡᠪᠬᠢᠲᠡᠢ ᠲᠤᠰᠬᠠᠭᠰᠠᠨ ᠠᠮᠢᠳᠤᠯᠢᠭ ᠦᠢᠯᠡᠳᠦᠯᠭᠡ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠥᠯᠥᠭᠡᠯᠡᠭᠴᠢᠳ ᠲᠤ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠳᠦᠷᠰᠦ ᠪᠠᠶᠢᠳᠠᠯ ᠪᠣᠯᠤᠨ ᠰᠢᠨ᠎ᠡ ᠦᠷ᠎ᠡ ᠪᠦᠲᠦᠮᠵᠢ ᠶᠢ ᠭᠦᠨᠵᠡᠭᠡᠢ ᠮᠡᠳᠡᠷᠡᠭᠦᠯᠵᠡᠢ᠃ ᠳᠠᠷᠠᠭ᠎ᠠ ᠨᠢ᠂ ᠲᠥᠯᠥᠭᠡᠯᠡᠭᠴᠢᠳ ᠤᠨ ᠪᠦᠯᠬᠦᠮ ᠤᠨ ᠬᠢᠨ ᠱᠢ ᠭᠤᠸᠠᠢ ᠴᠢᠩ ᠱᠠᠨ ᠲᠣᠰᠬᠤᠨ ᠳᠤ ᠬᠦᠷᠴᠦ᠂ ᠲᠤᠬᠠᠢ ᠶᠢᠨ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ᠂ ᠪᠤᠭᠤᠲᠤ ᠴᠢᠯᠠᠭᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠰᠦᠢᠶᠤᠸᠠᠨ ᠳᠠᠶᠢᠯᠠᠯᠳᠤᠭᠠᠨ ᠤ ᠬᠠᠭᠤᠴᠢᠨ ᠪᠠᠭᠤᠷᠢ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ ᠪᠠᠷ ᠳᠠᠮᠵᠢᠨ᠂ ᠲᠥᠯᠥᠭᠡᠯᠡᠭᠴᠢᠳ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠭᠪᠤᠷ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠢᠳᠤᠯᠢᠭ ᠦᠢᠯᠡᠳᠦᠯᠭᠡ ᠶᠢ ᠣᠶᠢᠯᠠᠭᠠᠭᠰᠠᠨ ᠢᠶᠠᠷ ᠪᠠᠷᠠᠬᠤ ᠦᠭᠡᠢ ᠪᠠᠰᠠ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠤᠨ ᠡᠷᠬᠢᠮ ᠨᠠᠨᠳᠢᠨ ᠦᠨ᠎ᠡ ᠥᠷᠲᠡᠭ ᠪᠣᠯᠤᠨ ᠤᠯᠠᠮᠵᠢᠯᠠᠯ ᠤᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠪᠠ᠃    ᠬᠤᠶᠠᠷ᠂ ᠲᠤᠰᠬᠠᠢ ᠰᠡᠳᠦᠪ ᠢᠶᠠᠷ ᠬᠢᠴᠢᠶᠡᠯᠯᠡᠵᠦ᠂ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠣᠶᠢᠯᠠᠭᠠᠯᠲᠠ ᠶᠢ ᠭᠦᠨᠵᠡᠭᠡᠶᠢᠷᠡᠭᠦᠯᠦᠨ᠎ᠡ    ᠲᠥᠯᠥᠭᠡᠯᠡᠭᠴᠢᠳ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠪᠠ ᠲᠥᠷᠥ ᠶᠢᠨ ᠪᠣᠳᠣᠯᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠵᠢᠨᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠯᠢ ᠫᠧᠢ ᠲᠢᠩ ᠣᠯᠠᠨ ᠳᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠤ ᠬᠠᠮᠢᠶ᠎ᠠ ᠪᠦᠬᠦᠢ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢ ᠭᠦᠨᠵᠡᠭᠡᠢ ᠲᠠᠶᠢᠯᠪᠤᠷᠢᠯᠠᠪᠠ᠃ ᠲᠡᠷᠡ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠠᠵᠠᠷ ᠰᠢᠷᠣᠢ ᠶᠢᠨ ᠬᠥᠨᠳᠡᠯᠡᠨ ᠠᠴᠠ ᠲᠠᠰᠤᠯᠬᠤ ᠬᠠᠤᠯᠢ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠵᠦᠢᠯ ᠵᠤᠷᠪᠤᠰ᠂ ᠬᠡᠷᠡᠭᠯᠡᠬᠦ ᠬᠡᠪᠴᠢᠶ᠎ᠡ ᠵᠢᠴᠢ ᠪᠣᠳᠠᠲᠠᠢ ᠠᠵᠢᠯᠯᠠᠬᠤ ᠳᠤᠮᠳᠠᠬᠢ ᠠᠩᠬᠠᠷᠬᠤ ᠵᠦᠢᠯᠡᠰ ᠢ ᠨᠠᠷᠢᠨ ᠶᠠᠷᠢᠵᠤ᠂ ᠲᠥᠯᠥᠭᠡᠯᠡᠭᠴᠢᠳ ᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠦᠴᠦᠲᠡᠢ ᠳᠡᠮᠵᠢᠯᠭᠡ ᠬᠠᠩᠭᠠᠪᠠ᠃     ᠭᠤᠷᠪᠠ᠂ ᠲᠤᠷᠰᠢᠯᠭ᠎ᠠ ᠪᠠᠨ ᠬᠤᠪᠢᠶᠠᠯᠴᠠᠵᠤ᠂ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠰᠦᠪᠡᠭᠴᠢᠯᠡᠨ᠎ᠡ       ᠪᠣᠯᠪᠠᠰᠤᠷᠠᠯ ᠳᠤ ᠪᠠᠰᠠ ᠣᠯᠠᠨ ᠰᠢᠯᠢᠳᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠤᠷᠢᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠤᠷᠰᠢᠯᠭ᠎ᠠ ᠪᠠᠨ ᠬᠤᠪᠢᠶᠠᠯᠴᠠᠭᠤᠯᠪᠠ ᠃ ᠲᠡᠳᠡ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠲᠦᠮᠡᠨ ᠲᠠᠢ ᠬᠡᠷᠬᠢᠨ ᠨᠢᠭᠲᠠ ᠬᠠᠷᠢᠯᠴᠠᠬᠤ᠂ ᠠᠷᠠᠳ ᠤᠨ ᠰᠠᠨᠠᠭ᠎ᠠ ᠶᠢ ᠬᠡᠷᠬᠢᠨ ᠪᠦᠲᠦᠮᠵᠢᠲᠡᠢ ᠲᠤᠰᠬᠠᠬᠤ᠂ ᠠᠰᠠᠭᠤᠳᠠᠯ ᠢ ᠰᠢᠢᠳᠪᠦᠷᠢᠯᠡᠬᠦ ᠶᠢ ᠬᠡᠷᠬᠢᠨ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃ ᠡᠳᠡᠭᠡᠷ ᠡᠷᠬᠢᠮ ᠨᠠᠨᠳᠢᠨ ᠲᠤᠷᠰᠢᠯᠭ᠎ᠠ ᠶᠢ ᠬᠤᠪᠢᠶᠠᠯᠴᠠᠭᠰᠠᠨ ᠨᠢ ᠲᠥᠯᠥᠭᠡᠯᠡᠭᠴᠢᠳ ᠲᠤ ᠮᠠᠰᠢ ᠶᠡᠭᠡ ᠠᠰᠢᠭ ᠬᠦᠷᠲᠡᠭᠰᠡᠨ ᠢᠶᠠᠷ ᠪᠠᠷᠠᠬᠤ ᠦᠭᠡᠢ ᠪᠠᠰᠠ ᠲᠡᠳᠡᠨ ᠤ ᠬᠤᠶᠢᠰᠢᠳᠠ ᠶᠢᠨ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠳᠤ ᠠᠰᠢᠭᠲᠠᠢ ᠯᠠᠪᠯᠠᠯᠲᠠ ᠪᠠ ᠰᠡᠩᠬᠡᠷᠡᠭᠦᠯᠦᠯ ᠬᠠᠩᠭᠠᠭᠰᠠᠨ ᠪᠠᠶᠢᠨ᠎ᠠ᠃     ᠳᠥᠷᠪᠡ᠂ ᠳ᠋ᠦᠩᠨᠡᠨ ᠪᠠᠷᠠᠯᠠᠬᠤᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ    ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠨ᠂ ᠲᠥᠯᠥᠭᠡᠯᠡᠭᠴᠢᠳ ᠤᠨ ᠣᠨᠣᠯ ᠤᠨ ᠬᠡᠪ ᠪᠣᠯᠪᠠᠰᠤᠷᠠᠯ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠢᠯᠡᠳᠲᠡ ᠳᠡᠭᠡᠭᠰᠢᠯᠡᠵᠦ᠂ ᠵᠢᠨᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠪᠡ᠃ ᠲᠥᠯᠥᠭᠡᠯᠡᠭᠴᠢᠳ ᠲᠤᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠦᠷᠭᠦᠯᠵᠢᠯᠡᠨ ᠰᠤᠷᠤᠯᠴᠠᠯᠭ᠎ᠠ ᠪᠠᠨ ᠴᠢᠩᠭᠠᠳᠬᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠢᠳᠡᠪᠬᠢᠲᠡᠢ ᠪᠠᠷ ᠠᠵᠢᠯᠯᠠᠵᠤ᠂ ᠵᠢᠨᠱᠠᠨ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠢᠷᠡᠭᠡᠳᠦᠢ ᠶᠢᠨ ᠵᠢᠨᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠦᠷᠭᠦᠯᠵᠢᠯᠡᠨ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠠᠷᠭ᠎ᠠ ᠪᠠ ᠠᠷᠭ᠎ᠠ ᠪᠠᠷᠢᠯ ᠤᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠩᠨᠡᠭᠡ ᠶᠢ ᠴᠢᠷᠮᠠᠶᠢᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠪᠣᠯᠤᠨ᠎ᠠ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号