ᠬᠤᠷᠠᠯ ᠠᠴᠠ ᠡᠩ ᠲᠡᠷᠢᠭᠦᠨ ᠳᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠯᠢᠩ ᠪᠢᠨ ᠠᠴᠠ | ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ | ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ︵2024 ᠣᠨ︶ ᠶᠢ | ᠤᠯᠠᠮᠵᠢᠯᠠᠨ ᠰᠤᠷᠤᠯᠴᠠᠵᠠᠢ︔ ᠪᠠᠯᠭᠠᠰᠤᠨ ᠤ ᠳᠠᠷᠤᠭ᠎ᠠ ᠵᠠᠩ ᠷᠦᠸᠧ ᠰᠢᠨ ︽ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠲᠤᠬᠠᠢ ᠲᠤᠰᠬᠠᠢ ᠱᠠᠯᠠᠪᠳᠠᠭᠤᠯᠤᠨ ᠪᠠᠶᠢᠴᠠᠭᠠᠭᠰᠠᠨ | ᠮᠡᠳᠡᠭᠦᠯᠦᠯᠲᠡ ︵ᠭᠤᠷᠪᠠ︶︾ ᠶᠢ ᠤᠯᠠᠮᠵᠢᠯᠠᠨ ᠮᠡᠳᠡᠭᠳᠡᠭᠰᠡᠨ ᠪᠥᠭᠡᠳ ᠱᠠᠯᠠᠪᠳᠠᠭᠤᠯᠤᠨ ᠪᠠᠶᠢᠴᠠᠭᠠᠬᠤ ᠳᠤᠮᠳᠠ | ᠢᠯᠡᠷᠡᠭᠦᠯᠦᠭᠰᠡᠨ ᠠᠰᠠᠭᠤᠳᠠᠯ ᠢ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠵᠦ᠂ ᠥᠪᠡᠷ ᠢ ᠪᠠᠨ ᠪᠠᠶᠢᠴᠠᠭᠠᠬᠤ ᠶᠢ | ᠯᠠᠪᠳᠠᠭᠤᠨ ᠪᠠᠲᠤᠲᠠᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠣᠯᠬᠤ ᠶᠢ | ᠪᠠᠲᠤᠯᠠᠬᠤ ᠬᠡᠷᠡᠭᠲᠡᠢ︔ ᠳᠡᠳ᠋ ᠪᠠᠯᠭᠠᠰᠤᠨ ᠳᠠᠷᠤᠭ᠎ᠠ ᠰᠤᠳᠤᠰᠡᠴᠡᠨ ︽ᠣᠨ ᠤ ᠬᠢᠨᠠᠨ ᠰᠢᠯᠭᠠᠵᠤ ᠦᠨᠡᠯᠡᠨ ᠵᠢᠱᠢᠬᠦ | ᠭᠤᠣᠯᠳᠠᠯᠭ᠎ᠠ ᠲᠠᠢ ᠠᠩᠬᠠᠷᠬᠤ ᠠᠭᠤᠯᠭ᠎ᠠ ᠶᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ | ᠠᠵᠢᠯ ᠢ ᠨᠠᠶᠢᠳᠠᠪᠤᠷᠢᠵᠢᠭᠤᠯᠬᠤ᠂ ᠦᠷ᠎ᠡ ᠪᠦᠲᠦᠮᠵᠢ ᠶᠢ ᠪᠠᠬᠢᠵᠢᠭᠦᠯᠬᠦ ᠵᠡᠷᠭᠡ ᠳᠥᠷᠪᠡᠨ ᠲᠠᠯ᠎ᠠ ᠠᠴᠠ ᠣᠨ ᠤ ᠬᠢᠨᠠᠨ | ᠰᠢᠯᠭᠠᠵᠤ ᠦᠨᠡᠯᠡᠬᠦ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠪᠣᠯ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠦᠬᠦ | ᠲᠠᠯ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ᠎ᠠ᠂ ᠡᠷᠬᠡᠪᠰᠢ | ᠰᠠᠶᠢᠲᠤᠷ ᠬᠢᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ ᠴᠢᠬᠤᠯᠠ ᠠᠷᠠᠳ ᠤᠨ ᠠᠮᠢᠳᠤᠷᠠᠯ ᠤᠨ | ᠢᠨᠵᠧᠨᠧᠷᠢᠩ ᠪᠣᠯᠤᠨ᠎ᠠ᠃ ᠪᠦᠬᠦ ᠪᠠᠯᠭᠠᠰᠤ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠯᠤᠰ ᠲᠥᠷᠥ ᠶᠢᠨ | ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠤᠮᠳᠠᠬᠢ ᠪᠠᠭᠤᠷᠠᠢ ᠭᠤᠭᠴᠤᠭ᠎ᠠ ᠪᠣᠯᠤᠨ ᠬᠦᠷᠦᠯᠴᠡᠬᠦ | ᠦᠭᠡᠢ ᠲᠠᠯ᠎ᠠ ᠪᠠᠨ ᠭᠦᠨᠵᠡᠭᠡᠢ ᠪᠠᠶᠢᠴᠠᠭᠠᠨ ᠳᠡᠯᠭᠡᠬᠦ ᠬᠡᠷᠡᠭᠲᠡᠢ᠃ ᠵᠢᠱᠢᠶᠡᠯᠡᠪᠡᠯ᠂ ᠣᠳᠣᠬᠠᠨ ᠳᠤ ᠮᠠᠨ ᠤ | ᠪᠠᠯᠭᠠᠰᠤᠨ ᠤ ᠡᠯ᠎ᠡ ᠲᠣᠰᠬᠤᠨ ᠳᠤ ᠴᠥᠮ ᠲᠣᠰᠬᠤᠨ ᠤ ᠬᠠᠮᠲᠤ ᠶᠢᠨ ᠠᠵᠤ ᠠᠬᠤᠢ ᠪᠠᠭᠤᠷᠠᠢ ᠪᠠᠶᠢᠬᠤ ᠠᠰᠠᠭᠤᠳᠠᠯ | ᠣᠷᠣᠰᠢᠵᠤ ᠪᠠᠶᠢᠨ᠎ᠠ᠂ ᠡᠯ᠎ᠡ ᠲᠣᠰᠬᠤᠨ ᠤ ᠬᠢᠨ ᠢᠳᠡᠪᠬᠢᠲᠡᠢ ᠠᠷᠭ᠎ᠠ ᠰᠦᠪᠡᠭᠴᠢᠯᠡᠵᠦ᠂ ᠡᠮ ᠤᠨ ᠮᠠᠲ᠋ᠧᠷᠢᠶᠠᠯ ᠪᠠᠨ | ᠯᠠᠨ ᠭᠧᠨ᠂ ᠬᠤᠨᠴᠢᠷ ᠵᠡᠷᠭᠡ ᠰᠢᠨ᠎ᠡ ᠰᠡᠳᠬᠢᠴᠡ ᠪᠠᠷ ᠲᠣᠯᠢ ᠪᠣᠯᠭᠠᠵᠤ᠂ ᠳ᠋ᠧᠦ ᠫᠦ᠋ ᠨᠤᠲᠤᠭ ᠤᠨ ᠨᠡᠷᠡᠲᠦ | ᠲᠡᠮᠳᠡᠭᠲᠦ ᠶᠢ ᠪᠣᠢ ᠪᠣᠯᠭᠠᠬᠤ ᠬᠡᠷᠡᠭᠲᠡᠢ᠃ ᠠᠵᠤ ᠦᠢᠯᠡᠰ ᠤᠨ ᠬᠥᠭᠵᠢᠯ ᠮᠠᠨᠳᠤᠯ ᠰᠠᠶ᠋ᠢ ᠬᠥᠳᠡᠭᠡ ᠲᠣᠰᠬᠤᠨ ᠤ | ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠴᠢᠳᠠᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠦᠷ᠎ᠡ ᠪᠦᠲᠦᠮᠵᠢ ᠶᠢ ᠬᠢᠨᠠᠨ ᠰᠢᠯᠭᠠᠬᠤ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠬᠤ ᠶᠢᠨ ᠲᠥᠯᠥᠭᠡ᠂ ︽ᠰᠤᠷᠤᠯᠴᠠᠬᠤ᠂ | ᠥᠭᠡᠷᠡᠴᠢᠯᠡᠬᠦ᠂ ᠵᠢᠵᠢᠭᠦᠷᠯᠡᠬᠦ᠂ ᠰᠠᠶᠢᠨ᠂ ᠴᠢᠩᠭ᠎ᠠ︾ ᠭᠡᠬᠦ ᠵᠢᠷᠭᠤᠭᠠᠨ ᠦᠰᠦᠭ ᠤᠨ ᠴᠢᠭᠯᠡᠯᠲᠡ ᠶᠢ ᠰᠠᠶᠢᠲᠤᠷ | ᠤᠩᠰᠢᠪᠠ᠃ ︽ᠰᠤᠷᠤᠯᠴᠠᠵᠤ︾᠂ ᠲᠥᠷᠥ ᠶᠢᠨ ᠪᠣᠳᠣᠯᠭ᠎ᠠ ᠶᠢ ᠰᠤᠷᠴᠤ᠂ ᠲᠤᠬᠠᠶᠢᠯᠠᠭᠰᠠᠨ ᠠᠵᠢᠯ ᠢ ᠰᠤᠷᠴᠤ᠂ | ᠠᠷᠭ᠎ᠠ ᠶᠢ ᠰᠤᠷᠤᠯᠴᠠᠬᠤ ᠬᠡᠷᠡᠭᠲᠡᠢ︔ ︽ᠥᠭᠡᠷᠡᠴᠢᠯᠡᠬᠦ︾ ᠬᠡᠷᠡᠭᠲᠡᠢ᠂ ᠠᠰᠠᠭᠤᠳᠠᠯ ᠳᠤ ᠴᠢᠭᠯᠡᠭᠦᠯᠦᠨ | ᠥᠭᠡᠷᠡᠴᠢᠯᠡᠵᠦ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠵᠦ᠂ ᠴᠡᠭ ᠲᠣᠭᠲᠠᠭᠠᠨ ᠥᠭᠡᠷᠡᠴᠢᠯᠡᠬᠦ ᠬᠡᠷᠡᠭᠲᠡᠢ︔ | ︽ᠠᠵᠢᠯᠴᠢ ᠬᠢᠴᠢᠶᠡᠩᠭᠦᠢ︾ ᠪᠠᠶᠢᠵᠤ᠂ ᠰᠢᠮᠲᠡᠨ ᠰᠤᠷᠤᠯᠴᠠᠵᠤ᠂ ᠠᠵᠢᠯᠴᠢ ᠬᠢᠴᠢᠶᠡᠩᠭᠦᠢ ᠪᠠᠷ ᠠᠰᠠᠭᠤᠵᠤ᠂ | ᠡᠷᠦᠬᠡ ᠪᠠᠷ ᠣᠷᠣᠵᠤ ᠰᠤᠷᠪᠤᠯᠵᠢᠯᠠᠨ᠂ ᠠᠵᠢᠯᠴᠢ ᠬᠢᠴᠢᠶᠡᠩᠭᠦᠢ ᠪᠠᠷ ᠠᠵᠢᠯ ᠢᠶᠠᠨ ᠡᠮᠬᠢᠯᠡᠬᠦ ᠬᠡᠷᠡᠭᠲᠡᠢ︔ ᠰᠡᠳᠬᠢᠯ | ᠬᠦᠷᠪᠡᠯ᠂ ᠪᠡᠶ᠎ᠡ ᠬᠦᠷᠴᠦ᠂ ᠨᠢᠳᠦ ᠬᠦᠷᠴᠦ᠂ ᠠᠮᠠ ᠬᠦᠷᠴᠦ᠂ ᠬᠥᠯ ᠬᠦᠷᠦᠭᠰᠡᠨ ᠪᠠᠶᠢᠬᠤ ᠬᠡᠷᠡᠭᠲᠡᠢ︔ ︽ᠰᠠᠶᠢᠨ︾ | ᠂ ᠳᠠᠩᠰᠠ ᠡᠪᠬᠡᠮᠡᠯ ᠤᠨ ᠮᠠᠲ᠋ᠧᠷᠢᠶᠠᠯ ᠰᠠᠶᠢᠨ ᠪᠠᠶᠢᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠰᠠᠶᠢᠨ ᠪᠠᠶᠢᠵᠤ᠂ | ᠣᠯᠠᠨ ᠲᠦᠮᠡᠨ ᠰᠡᠳᠬᠢᠯ ᠬᠠᠨᠤᠮᠵᠢᠲᠠᠢ ᠪᠠᠶᠢᠵᠤ᠂ ᠠᠵᠢᠯ ᠤᠨ ᠦᠷ᠎ᠡ ᠪᠦᠲᠦᠮᠵᠢ ᠰᠠᠶᠢᠨ ᠪᠠᠶᠢᠬᠤ ᠬᠡᠷᠡᠭᠲᠡᠢ︔ ᠨᠡᠩ | ︽ᠴᠢᠩᠭ᠎ᠠ︾᠂ ᠪᠠᠷᠢᠮᠵᠢᠶ᠎ᠠ ᠴᠢᠩᠭ᠎ᠠ᠂ ᠱᠠᠭᠠᠷᠳᠠᠯᠭ᠎ᠠ ᠴᠢᠩᠭ᠎ᠠ᠂ ᠳᠡᠰ ᠳᠠᠷᠠᠭᠠᠯᠠᠯ ᠨᠢ ᠴᠢᠩᠭ᠎ᠠ ᠪᠠᠶᠢᠬᠤ ᠬᠡᠷᠡᠭᠲᠡᠢ᠃ | | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ | ᠡᠯ᠎ᠡ ᠲᠣᠰᠬᠤᠨ ᠤ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠶᠡᠭᠡ ᠲᠠᠯ᠎ᠠ ᠠᠴᠠ | ᠡᠭᠦᠰᠴᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ | ᠣᠳᠣᠬᠠᠨ ᠤ ᠭᠤᠣᠯᠳᠠᠯᠭ᠎ᠠ ᠲᠠᠢ ᠠᠵᠢᠯ ᠪᠣᠯᠭᠠᠨ ᠠᠳᠬᠤᠬᠤ ᠬᠡᠷᠡᠭᠲᠡᠢ︔ ᠬᠤᠶᠠᠷ ᠲᠤ ᠬᠠᠷᠢᠭᠤᠴᠠᠯᠭ᠎ᠠ ᠶᠢᠨ | ᠤᠬᠠᠮᠰᠠᠷ ᠢ ᠪᠣᠳᠠᠲᠠᠶᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠᠷ ᠲᠦᠷᠦᠭᠦᠯᠡᠭᠦᠯᠦᠨ᠂ | ᠲᠣᠰᠬᠤᠨ ᠤ ᠨᠠᠮ ᠤᠨ ᠬᠣᠷᠢᠶ᠎ᠠ ᠶᠢᠨ ᠱᠦᠵᠢ ᠶᠢ ᠨᠠᠶᠢᠳᠠᠪᠤᠷᠢᠵᠢᠭᠤᠯᠵᠤ᠂ ᠲᠣᠰᠬᠤᠨ ᠳᠤ | ᠰᠠᠭᠤᠭ᠎ᠠ ᠠᠵᠢᠯᠯᠠᠬᠤ ᠠᠩᠭᠢ ᠪᠠᠷ ᠠᠬᠢᠭᠤᠯᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ | ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠭᠰᠠᠨ ᠬᠠᠮᠲᠤᠪᠠᠷ ᠤᠷᠤᠭᠰᠢᠯᠠᠬᠤ | ᠪᠠᠶᠢᠳᠠᠯ ᠢ ᠪᠦᠷᠢᠯᠳᠦᠭᠦᠯᠬᠦ ᠬᠡᠷᠡᠭᠲᠡᠢ︔ ᠭᠤᠷᠪᠠ ᠳᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠡᠯ᠎ᠡ | ᠲᠣᠰᠬᠤᠨ ᠤ ᠬᠢᠨ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠲᠠᠬᠢᠨ | ᠭᠦᠨᠵᠡᠭᠡᠢ᠂ ᠳᠠᠬᠢᠨ ᠨᠠᠷᠢᠨ ᠨᠢᠮᠪᠠᠢ ᠪᠠᠶᠢᠵᠤ᠂ ᠵᠤᠷᠪᠤᠰ ᠳᠠᠷᠠᠭᠠᠯᠠᠨ ᠪᠠᠶᠢᠴᠠᠭᠠᠵᠤ ᠳᠤᠲᠠᠭᠤᠳᠠᠯ ᠢ ᠨᠥᠬᠦᠪᠥᠷᠢᠯᠡᠵᠦ᠂ | ᠪᠣᠳᠠᠲᠠᠢ ᠶᠢ ᠡᠷᠬᠢᠮᠯᠡᠬᠦ ᠰᠤᠷᠲᠠᠯ ᠪᠣᠯᠤᠨ ᠠᠵᠢᠯ ᠤᠨ ᠪᠣᠳᠠᠲᠤ ᠦᠷ᠎ᠡ ᠪᠦᠲᠦᠮᠵᠢ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠪᠠᠯᠭᠠᠰᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ 9 ᠰᠠᠷ᠎ᠠ ᠶᠢᠨ ᠰᠡᠭᠦᠯᠴᠢ ᠠᠴᠠ ᠡᠬᠢᠯᠡᠨ ᠲᠣᠰᠬᠤᠨ ᠳᠤ | ᠪᠠᠭᠤᠵᠤ ᠬᠢᠨᠠᠨ ᠪᠠᠶᠢᠴᠠᠭᠠᠬᠤ ᠶᠢᠨ ᠬᠠᠮᠲᠤ ᠣᠨ ᠤ ᠬᠢᠨᠠᠨ ᠰᠢᠯᠭᠠᠵᠤ ᠦᠨᠡᠯᠡᠨ ᠵᠢᠱᠢᠬᠦ ᠪᠡᠯᠡᠳᠬᠡᠯ ᠠᠵᠢᠯ ᠢ | ᠵᠢᠯᠣᠭᠤᠳᠪᠠ᠃ | ᠳᠠᠷᠠᠭᠠᠴᠢ ᠶᠢᠨ ᠠᠯᠬᠤᠮ ᠳᠤ᠂ ᠰᠢ ᠳ᠋ᠧᠦ ᠫᠦ᠋ ᠪᠠᠯᠭᠠᠰᠤ ᠲᠤᠰ ᠤᠳᠠᠭ᠎ᠠ ᠶᠢᠨ ᠠᠬᠢᠭᠤᠯᠬᠤ ᠬᠤᠷᠠᠯ ᠢᠶᠠᠷ ᠠᠵᠠ | ᠲᠣᠬᠢᠶᠠᠯ ᠪᠣᠯᠭᠠᠵᠤ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠪᠠᠲᠤᠯᠠᠬᠤ ᠪᠣᠯᠤᠨ᠎ᠠ᠃ |