8 ᠰᠠᠷ᠎ᠠ ᠶᠢᠨ 22 ᠤᠨ ᠡᠳᠦᠷ ᠳ᠋ᠦᠩ ᠶᠤᠸᠠᠨ ᠶᠥᠩ ᠶᠠᠩ ᠶᠣᠣ ᠽᠢ ᠲᠣᠰᠬᠤᠨ ᠤ ᠠᠷᠠᠳ ᠪᠣᠯᠭᠤᠮᠵᠢ | ᠦᠭᠡᠢ ᠪᠠᠷ ᠬᠠᠯᠠᠵᠤ ᠰᠢᠷᠬᠠᠲᠤᠪᠠ᠃ ᠳ᠋ᠦᠩ ᠶᠤᠸᠠᠨ ᠶᠥᠩ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠰᠣᠨᠣᠰᠤᠭᠰᠠᠨ ᠤ ᠳᠠᠷᠠᠭ᠎ᠠ᠂ | ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠪᠠᠶᠢᠳᠠᠯ ᠢ ᠣᠶᠢᠯᠠᠭᠠᠭᠰᠠᠨ ᠪᠥᠭᠡᠳ ᠰᠢᠷᠬᠠᠨ ᠳᠤ ᠲᠦᠷᠬᠢᠬᠦ ᠡᠮ | ᠠᠪᠴᠢᠷᠠᠪᠠ᠃ | ᠣᠶᠢᠷ᠎ᠠ ᠶᠢᠨ ᠵᠢᠯ ᠠᠴᠠ᠂ ᠳ᠋ᠦᠩ ᠶᠤᠸᠠᠨ ᠶᠥᠩ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︽ᠪᠢ ᠣᠯᠠᠨ ᠲᠦᠮᠡᠨ ᠳᠤ ᠪᠣᠳᠠᠲᠠᠢ ᠶᠠᠪᠤᠳᠠᠯ | ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠲᠣᠰᠬᠤᠨ ᠤ ︽ᠬᠤᠶᠠᠷ | ᠵᠥᠪᠯᠡᠯ︾ ᠥᠪᠡᠷ ᠤᠨ ᠳᠠᠪᠠᠭᠤᠯᠢᠭ ᠢᠶᠠᠨ ᠠᠰᠢᠭᠯᠠᠨ ᠣᠯᠠᠨ ᠲᠦᠮᠡᠨ ᠳᠤ ᠢᠳᠡᠪᠬᠢᠲᠡᠢ ᠪᠣᠳᠠᠲᠠᠢ ᠶᠠᠪᠤᠳᠠᠯ ᠬᠢᠵᠦ᠂ | ᠣᠯᠠᠨ ᠲᠦᠮᠡᠨ ᠤ ᠰᠠᠶᠢᠨ ᠦᠢᠯᠡᠴᠢᠯᠡᠭᠴᠢ ᠪᠣᠯᠬᠤ ᠪᠠᠷ ᠴᠢᠷᠮᠠᠶᠢᠪᠠ᠃ ᠲᠣᠰᠬᠤᠨ ᠤ ᠬᠤᠶᠠᠷ ᠵᠥᠪᠯᠡᠯ ᠲᠦᠷᠦᠭᠦᠯᠡᠨ | ︽ᠪᠢ ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ | ᠦᠢᠯᠡᠳᠦᠯᠭᠡᠵᠢᠭᠦᠯᠵᠦ᠂ ᠥᠪᠡᠷ ᠤᠨ ᠰᠦᠢᠳᠬᠡᠯ ᠢᠶᠠᠷ ᠮᠠᠩᠭᠢᠰᠤ ᠲᠣᠰᠣ ᠬᠤᠳᠠᠯᠳᠤᠨ ᠠᠪᠤᠭᠰᠠᠨ ᠪᠥᠭᠡᠳ | ᠪᠤᠴᠠᠯᠭᠠᠭᠰᠠᠨ ᠬᠠᠨᠳᠠ ᠶᠢ ᠰᠠᠨᠠᠭᠤᠯᠤᠮᠵᠢ ᠲᠠᠢ ᠰᠦᠯᠢᠶᠣᠣ ᠵᠢᠵᠢᠭ ᠯᠣᠩᠬᠤᠨ ᠳᠤ ᠰᠠᠪᠠᠯᠠᠵᠤ᠂ ᠣᠯᠠᠨ ᠲᠦᠮᠡᠨ ᠤ | ᠬᠡᠷᠡᠭᠯᠡᠬᠦ ᠳᠤ ᠳᠥᠭᠦᠮ ᠦᠵᠡᠭᠦᠯᠵᠦ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠢ᠃ |