ᠭᠦᠶᠡᠩ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠯᠢᠦ ᠸᠧᠢ ᠬᠤᠤ ᠲᠣᠰᠬᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/27
    2024 ᠣᠨ ᠤ 8 ᠰᠠᠷ᠎ᠠ ᠶᠢᠨ 26 ᠤ ᠡᠳᠦᠷ᠂ ᠭᠦᠶᠡᠩ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ ᠸᠠᠩ ᠵᠢᠶᠠᠨ ᠵᠢᠶᠦ᠋ᠨ ᠨᠥᠬᠦᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠯᠢ ᠰᠢᠤ ᠸᠧᠨ ᠨᠥᠬᠦᠷ ᠢᠶᠠᠨ ᠳᠠᠭᠠᠭᠤᠯᠤᠨ ᠯᠢᠦ ᠸᠧᠢ ᠬᠤᠤ ᠲᠣᠰᠬᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠺᠠᠳ᠋ᠷ ᠢ ᠲᠣᠬᠤᠨᠢᠭᠤᠯᠪᠠ᠃ ᠰᠢ ᠳ᠋ᠧᠦ ᠫᠦ᠋ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠯᠢᠩ ᠪᠢᠨ ᠪᠠᠷ᠎ᠠ ᠪᠣᠯᠵᠤ ᠶᠠᠷᠢᠯᠴᠠᠪᠠ᠃     ᠪᠠᠶᠢᠴᠠᠭᠠᠨ ᠰᠤᠳᠤᠯᠬᠤ ᠠᠵᠢᠯᠯᠠᠭ᠎ᠠ ᠨᠢ ᠶᠠᠷᠢᠯᠴᠠᠬᠤ ᠬᠤᠷᠠᠯ ᠤᠨ ᠬᠡᠯᠪᠡᠷᠢ ᠪᠠᠷ ᠡᠬᠢᠯᠡᠪᠡ᠃ ᠸᠠᠩ ᠵᠢᠶᠠᠨ ᠵᠢᠶᠦ᠋ᠨ ᠲᠣᠪᠴᠢᠶᠠᠨ ᠳᠠᠷᠤᠭ᠎ᠠ ᠬᠤᠷᠠᠯ ᠳᠡᠭᠡᠷ᠎ᠡ ᠶᠠᠷᠢᠶ᠎ᠠ ᠲᠠᠯᠪᠢᠪᠠ᠂ ᠲᠡᠷᠡ ᠡᠩ ᠲᠡᠷᠢᠭᠦᠨ ᠳᠤ ᠯᠢᠦ ᠸᠧᠢ ᠬᠤᠤ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷ᠎ᠡ ᠭᠠᠷᠭᠠᠭᠰᠠᠨ ᠴᠢᠷᠮᠠᠶᠢᠯᠭ᠎ᠠ ᠪᠠ ᠣᠯᠤᠭᠰᠠᠨ ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ ᠨᠤᠲᠠᠯᠠᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠬᠤᠯᠠ ᠪᠦᠷᠢᠯᠳᠦᠬᠦᠨ ᠬᠡᠰᠡᠭ ᠮᠥᠨ ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠵᠠᠪᠠᠯ ᠶᠠᠪᠤᠬᠤ ᠵᠠᠮ ᠮᠥᠨ ᠭᠡᠵᠦ ᠴᠢᠬᠤᠯᠠᠴᠢᠯᠠᠪᠠ᠃ ᠲᠡᠷᠡ ᠲᠣᠰᠬᠤᠨ ᠤ ᠠᠷᠠᠳ ᠢ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠠᠮᠵᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠭᠤᠤ ᠶᠡᠭᠡ ᠦᠢᠯᠡᠳᠦᠯᠭᠡ ᠳᠤ ᠢᠳᠡᠪᠬᠢᠲᠡᠢ ᠣᠷᠣᠯᠴᠠᠬᠤ ᠬᠡᠷᠡᠭᠲᠡᠢ ᠭᠡᠵᠦ ᠵᠣᠷᠢᠭᠵᠢᠭᠤᠯᠪᠠ᠃ ᠯᠢ ᠯᠢᠩ ᠪᠢᠨ ᠱᠦᠵᠢ᠄ ︽ᠯᠢᠦ ᠸᠧᠢ ᠬᠤᠤ ᠲᠣᠰᠬᠤᠨ ᠤ ᠬᠠᠮᠲᠤ ᠶᠢᠨ ᠠᠵᠤ ᠦᠢᠯᠡᠰ ᠲᠤ ᠣᠯᠠᠨ ᠡᠰᠢᠵᠢᠭᠰᠡᠨ ᠬᠥᠭᠵᠢᠯᠲᠡ ᠶᠢᠨ ᠬᠠᠨᠳᠤᠰᠢ ᠢᠯᠡᠷᠡᠭᠰᠡᠨ ᠪᠣᠯᠪᠠᠴᠤ ᠬᠡᠪᠴᠢᠶ᠎ᠡ ᠪᠠᠷ ᠪᠠᠭ᠎ᠠ᠂ ᠲᠦᠷᠦᠯ ᠲᠡᠮᠳᠡᠭ ᠢᠶᠠᠷ ᠪᠠᠭᠤᠷᠠᠢ᠂ ᠠᠵᠤ ᠦᠢᠯᠡᠰ ᠤᠨ ᠬᠡᠯᠬᠢᠶ᠎ᠡ ᠪᠠᠷ ᠣᠬᠤᠷ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠬᠡᠳᠦ᠋ᠢᠪᠡᠷ ᠵᠣᠬᠢᠬᠤ ᠬᠡᠮᠵᠢᠶᠡᠨ ᠤ ᠬᠥᠭᠵᠢᠯᠲᠡ ᠲᠠᠢ ᠪᠣᠯᠪᠠᠴᠤ ᠨᠢᠭᠡᠳᠦᠯᠲᠡᠢ ᠲᠥᠯᠥᠪᠵᠢᠭᠦᠯᠬᠦ ᠪᠠ ᠪᠦᠲᠦᠮᠵᠢᠲᠡᠢ ᠡᠮᠬᠢᠯᠡᠨ ᠨᠡᠶᠢᠯᠡᠭᠦᠯᠬᠦ ᠪᠠᠷ ᠳᠤᠲᠠᠮᠠᠭ ᠪᠠᠶᠢᠵᠤ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠨᠢ ᠴᠢᠩᠭ᠎ᠠ ᠪᠤᠰᠤ ᠪᠠᠶᠢᠨ᠎ᠠ᠃ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠪᠰᠤᠷᠤᠯᠭ᠎ᠠ ᠳᠡᠮᠵᠢᠯᠭᠡ ᠳᠣᠣᠷ᠎ᠠ᠂ ᠯᠢᠦ ᠸᠧᠢ ᠬᠤᠤ ᠲᠣᠰᠬᠤᠨ ᠤᠯᠠᠮ ᠨᠢᠭᠡ ᠠᠯᠬᠤᠮ ᠬᠥᠭᠵᠢᠨ᠎ᠡ ᠭᠡᠳᠡᠭ ᠢ ᠢᠲᠡᠭᠡᠵᠦ ᠪᠠᠶᠢᠨ᠎ᠠ︾ ᠭᠡᠵᠡᠢ᠃     ᠳᠠᠷᠠᠭ᠎ᠠ ᠨᠢ᠂  ᠯᠢᠦ ᠸᠧᠢ ᠬᠤᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠠᠶᠢᠭᠤᠯᠵᠤ ᠪᠠᠶᠢᠭ᠎ᠠ ᠲᠥᠷᠥᠯ ᠵᠦᠢᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠲᠡᠷᠡ ᠲᠥᠷᠥᠯ ᠵᠦᠢᠯ ᠤᠨ ᠠᠬᠢᠴᠠ ᠶᠢᠨ ᠪᠠᠶᠢᠳᠠᠯ᠂ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠷᠢᠨ ᠠᠰᠠᠭᠤᠨ ᠯᠠᠪᠯᠠᠭᠰᠠᠨ ᠪᠥᠭᠡᠳ ᠡᠷᠬᠢᠮ ᠨᠠᠨᠳᠢᠨ ᠵᠢᠯᠣᠭᠤᠳᠣᠯᠭ᠎ᠠ ᠪᠣᠯᠤᠨ ᠰᠠᠨᠠᠭᠤᠯᠭ᠎ᠠ ᠥᠭᠴᠡᠢ᠃ ᠸᠠᠩ ᠲᠣᠪᠴᠢᠶᠠᠨ ᠳᠠᠷᠤᠭ᠎ᠠ ᠢᠯᠡᠷᠬᠡᠶᠢᠯᠡᠬᠦ ᠳᠡᠭᠡᠨ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠢ ᠵᠣᠬᠢᠴᠠᠭᠤᠯᠵᠤ᠂ ᠯᠢᠦ ᠸᠧᠢ ᠬᠤᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠬᠠᠩᠭᠠᠨ᠎ᠠ ᠭᠡᠵᠡᠢ᠃     ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠸᠠᠩ ᠵᠢᠶᠠᠨ ᠵᠢᠶᠦ᠋ᠨ ᠲᠣᠪᠴᠢᠶᠠᠨ ᠳᠠᠷᠤᠭ᠎ᠠ ᠪᠠᠰᠠ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠺᠠᠳ᠋ᠷ ᠤᠨ ᠠᠵᠢᠯ ᠠᠮᠢᠳᠤᠷᠠᠯ ᠤᠨ ᠪᠠᠶᠢᠳᠠᠯ ᠢ ᠣᠨᠴᠠᠭᠠᠶᠢᠯᠠᠨ ᠬᠠᠯᠠᠮᠵᠢᠯᠠᠵᠤ ᠪᠠᠶᠢᠪᠠ᠃ ᠲᠡᠷᠡ ᠺᠠᠳ᠋ᠷᠴᠤᠳ ᠲᠤ ᠳᠣᠲᠣᠨᠣ ᠲᠣᠬᠤᠨᠢᠭᠤᠯᠤᠯ ᠪᠠ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠲᠡᠳᠡᠨ ᠢ ᠦᠷᠭᠦᠯᠵᠢᠯᠡᠨ ᠴᠤᠭ ᠪᠠᠳᠠᠷᠠᠩᠭᠤᠢ ᠠᠵᠢᠯ ᠤᠨ ᠲᠡᠮᠡᠴᠡᠯ ᠤᠨ ᠵᠣᠷᠢᠭ ᠪᠠ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠨ ᠪᠠᠲᠤᠯᠠᠵᠤ᠂ ᠯᠢᠦ ᠸᠧᠢ ᠬᠤᠤ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠨᠡᠩ ᠣᠯᠠᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃     ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠨᠢ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠢᠭᠡᠳ ᠯᠢᠦ ᠸᠧᠢ ᠬᠤᠤ ᠲᠣᠰᠬᠤᠨ ᠤ ᠬᠤᠭᠤᠷᠣᠨᠳᠣᠬᠢ ᠬᠠᠷᠢᠯᠴᠠᠭ᠎ᠠ ᠪᠠ ᠣᠶᠢᠯᠠᠭᠠᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠯᠢᠦ ᠸᠧᠢ ᠬᠤᠤ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠰᠢᠨ᠎ᠡ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠯᠢᠦ ᠸᠧᠢ ᠬᠤᠤ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠯᠠᠪᠲᠠᠢ ᠨᠡᠩ ᠭᠡᠷᠡᠯ ᠰᠠᠴᠤᠷᠠᠩᠭᠤᠢ ᠠᠮᠵᠢᠯᠲᠠ ᠣᠯᠬᠤ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号