ᠭᠦᠶᠡᠩ ᠰᠢᠶᠠᠨ ᠤ ᠠᠩᠬᠠᠳᠠᠭᠴᠢ ︽ᠡᠵᠢ ᠤᠰᠤᠨ ᠵᠣᠭᠤᠷᠢ︾ ᠶᠢᠨ ᠪᠠᠷᠢᠯᠭ᠎ᠠ ᠶᠢ ᠡᠬᠢᠯᠡᠭᠦᠯᠪᠡ︕
ᠨᠡᠶᠢᠲᠡᠯᠡᠭᠰᠡᠨ ᠴᠠᠭ᠄
2024/8/27
    ᠲᠣᠰᠬᠤᠨ ᠤ ᠠᠷᠠᠳ ᠵᠠᠩ ᠶᠥᠩ ᠮᠢᠩ ᠰᠤᠷᠪᠤᠯᠵᠢᠯᠠᠭᠴᠢ ᠳᠤ᠄ ︽ᠮᠠᠨ ᠤ ᠲᠣᠰᠬᠤᠨ  ᠤ ᠬᠡᠷᠡᠭᠯᠡᠳᠡᠭ ᠬᠤᠳᠳᠤᠭ ᠪᠣᠯᠤᠨ᠎ᠠ᠂ ᠡᠩ ᠤᠨ ᠦᠶ᠎ᠡ ᠳᠤ ᠤᠰᠤᠨ ᠬᠥᠭᠡᠷᠭᠡ ᠪᠠᠷ ᠤᠰᠤ ᠲᠠᠲᠠᠵᠤ᠂ ᠪᠢᠳᠡ ᠭᠡᠷ ᠤᠨ ᠡᠭᠦᠳᠡᠨ ᠳᠤ ᠪᠠᠨ ᠤᠰᠤ ᠬᠡᠷᠡᠭᠯᠡᠵᠦ ᠪᠣᠯᠤᠨ᠎ᠠ᠃ ᠡᠪᠦᠯ ᠤᠨ ᠬᠦᠢᠲᠡᠨ ᠳᠤ ᠤᠰᠤᠨ ᠬᠤᠭᠤᠯᠠᠢ ᠬᠥᠯᠳᠡᠪᠡᠯ 200 ᠭᠠᠷᠤᠢ ᠮᠧᠲᠷ ᠶᠠᠪᠤᠵᠤ᠂ ᠳᠡᠭᠡᠰᠦ ᠪᠠᠷ ᠬᠤᠳᠳᠤᠭ ᠠᠴᠠ ᠤᠰᠤ ᠶᠢ ᠲᠠᠲᠠᠵᠤ᠂ ᠳᠠᠮᠨᠠᠭᠤᠷ ᠢᠶᠠᠷ ᠤᠰᠤ ᠳᠠᠮᠨᠠᠨ᠎ᠠ︾ ᠃ ᠵᠠᠩ ᠶᠥᠩ ᠮᠢᠩ ᠬᠡᠯᠡᠬᠦ ᠳᠡᠭᠡᠨ᠂ ︽ᠣᠳᠣᠬᠠᠨ ᠳᠤ ᠲᠡᠷᠡ ᠨᠢᠭᠡᠨᠲᠡ 70 ᠭᠠᠷᠤᠢ ᠨᠠᠰᠤᠲᠠᠢ᠂ ᠤᠰᠤ ᠳᠠᠮᠨᠠᠬᠤ ᠨᠢ ᠤᠯᠠᠮ ᠠᠴᠠ ᠤᠯᠠᠮ ᠬᠦᠴᠢᠷ ᠠᠰᠠᠭᠤᠳᠠᠯ ᠪᠣᠯᠤᠯ᠎ᠠ︾ ᠭᠡᠪᠡ᠃ ᠣᠳᠣᠬᠢ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠭᠡᠷ ᠲᠡᠭᠡᠨ ᠰᠢᠭᠤᠳ ᠤᠰᠤ ᠲᠣᠰᠴᠤ ᠪᠣᠯᠤᠨ᠎ᠠ ᠭᠡᠰᠡᠨ ᠢ ᠰᠣᠨᠣᠰᠤᠭᠠᠳ᠂ ᠵᠠᠩ ᠶᠥᠩ ᠮᠢᠩ ᠪᠠᠷᠢᠯᠭ᠎ᠠ ᠶᠢᠨ ᠲᠠᠯ᠎ᠠ ᠶᠢᠨ ᠮᠠᠯᠲᠠᠭᠤᠷ ᠮᠠᠰᠢᠨ ᠳᠤ ᠦᠰᠦᠷᠦᠨ ᠭᠠᠷᠴᠤ᠂ ᠪᠡᠶ᠎ᠡ ᠪᠠᠷ ᠢᠶᠠᠨ ᠮᠠᠯᠲᠠᠵᠤ ᠪᠠᠶᠢᠨ᠎ᠠ᠃     ᠭᠦᠶᠡᠩ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠣᠣ ᠵᠢᠩ ᠵᠢᠩ ᠠᠴᠠ᠂ ︽ᠡᠵᠢ ᠶᠢᠨ ᠤᠰᠤᠨ ᠵᠣᠭᠤᠷᠢ︾ ᠪᠣᠯ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠠᠴᠠ ᠡᠭᠦᠰᠴᠦ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ 2001 ᠣᠨ ᠠᠴᠠ ᠡᠬᠢᠯᠡᠨ ᠬᠡᠷᠡᠭᠵᠢᠭᠦᠯᠦᠭᠰᠡᠨ ᠨᠢᠭᠦᠯᠡᠰᠦᠩᠭᠦᠢ ᠶᠢᠨ ᠲᠥᠷᠥᠯ ᠵᠦᠢᠯ ᠮᠥᠨ᠂ ᠪᠠᠰᠠ ᠴᠤ ᠭᠦᠶᠡᠩ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠠᠷᠠᠳ ᠤᠨ ᠠᠮᠢᠳᠤᠷᠠᠯ ᠢ ᠠᠩᠬᠠᠷᠴᠤ᠂ ᠠᠷᠠᠳ ᠤᠨ ᠠᠮᠢᠳᠤᠷᠠᠯ ᠢ ᠴᠢᠬᠤᠯᠠᠴᠢᠯᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠨᠡᠷᠡᠲᠦ ᠲᠥᠷᠥᠯ ᠲᠡᠮᠳᠡᠭᠲᠦ ᠶᠢᠨ ᠲᠥᠷᠥᠯ ᠵᠦᠢᠯ ᠮᠥᠨ᠂ ᠡᠨᠡ ᠨᠢ ᠬᠥᠳᠡᠭᠡ ᠲᠣᠰᠬᠤᠨ ᠤ ᠤᠰᠤ ᠤᠮᠳᠠ ᠶᠢᠨ ᠶᠠᠰᠤ ᠴᠢᠨᠠᠷ ᠤᠨ ᠠᠰᠠᠭᠤᠳᠠᠯ ᠢ ᠰᠢᠢᠳᠪᠦᠷᠢᠯᠡᠵᠦ᠂ ᠡᠮᠡᠭᠲᠡᠶᠢᠴᠦᠳ ᠬᠡᠦᠬᠡᠳ ᠤᠨ ᠣᠷᠣᠰᠢᠨ ᠲᠣᠭᠲᠠᠨᠢᠬᠤ ᠪᠠ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠭᠦᠨᠵᠡᠭᠡᠢ ᠠᠬᠢᠭᠤᠯᠬᠤ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃ ︽ᠪᠢᠳᠡ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ ᠪᠠᠷ ᠳᠠᠮᠵᠢᠨ᠂ ᠵᠢᠨᠱᠠᠨ ᠪᠠᠯᠭᠠᠰᠤᠨ ᠤ ᠱᠧᠨ ᠱᠦᠢ ᠭᠧᠦ ᠲᠣᠰᠬᠤᠨ ᠪᠣᠯᠤᠨ ᠮᠢᠶᠣᠣ ᠲᠠ ᠲᠣᠰᠬᠤᠨ ᠤ ᠬᠤᠶᠠᠷ ᠪᠠᠶᠢᠷᠢ ᠶᠢ ᠲᠣᠭᠲᠠᠭᠠᠪᠠ᠂ ᠡᠨᠡ ᠬᠤᠶᠠᠷ ᠲᠣᠰᠬᠤᠨ ᠭᠠᠵᠠᠷ ᠤᠨ ᠪᠠᠶᠢᠴᠠ ᠶᠢᠨ ᠰᠢᠯᠲᠠᠭᠠᠨ ᠠᠴᠠ ᠪᠣᠯᠵᠤ᠂ ᠲᠦᠭᠡᠭᠡᠯ ᠤᠰᠤᠨ ᠤ ᠡᠷᠦᠬᠡ ᠳᠤ ᠣᠷᠣᠵᠤ ᠴᠢᠳᠠᠭᠠᠳᠤᠢ᠂ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤᠨ ᠤ ᠳᠥᠭᠦᠮ ᠦᠭᠡᠢ ᠪᠠᠶᠢᠳᠠᠯ ᠣᠷᠣᠰᠢᠵᠤ ᠪᠠᠶᠢᠨ᠎ᠠ᠃ ᠪᠢᠳᠡ ᠳᠡᠭᠡᠳᠦ ᠱᠠᠲᠤᠨ ᠠᠴᠠ ︿ᠡᠵᠢ ᠶᠢᠨ ᠤᠰᠤᠨ ᠵᠣᠭᠤᠷᠢ﹀ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠴᠢᠷᠮᠠᠶᠢᠨ ᠣᠯᠵᠤ᠂ ᠣᠳᠣ ᠨᠢᠭᠡᠨᠲᠡ ᠪᠠᠷᠢᠯᠭ᠎ᠠ ᠪᠠᠷᠢᠬᠤ ᠱᠠᠲᠤᠨ ᠳᠤ ᠣᠷᠣᠵᠤ᠂  3 ᠰᠠᠷ᠎ᠠ ᠶᠢᠨ ᠲᠤᠳᠤᠷ᠎ᠠ ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ᠂ ᠬᠤᠶᠠᠷ ᠲᠣᠰᠬᠤᠨ ᠤ 32 ᠡᠷᠦᠬᠡ᠂ 72 ᠬᠥᠮᠦᠨ ᠰᠢᠭᠤᠳ ᠭᠡᠷ ᠲᠡᠭᠡᠨ ᠤᠰᠤ ᠬᠡᠷᠡᠭᠯᠡᠵᠦ ᠪᠣᠯᠤᠨ᠎ᠠ ᠭᠡᠵᠦ ᠵᠤᠤ ᠵᠢᠩ ᠵᠢᠩ ᠬᠡᠯᠡᠭᠰᠡᠨ ᠪᠠᠶᠢᠨ᠎ᠠ᠃     ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠪᠠᠷᠢᠯᠭ᠎ᠠ ᠶᠢᠨ ᠠᠬᠢᠴᠠ ᠶᠢᠨ ᠱᠠᠭᠠᠷᠳᠠᠯᠭ᠎ᠠ ᠶᠣᠰᠣᠭᠠᠷ᠂ ᠭᠦᠶᠡᠩ ᠰᠢᠶᠠᠨ ᠤ ︽ᠡᠵᠢ ᠶᠢᠨ ᠤᠰᠤᠨ ᠵᠣᠭᠤᠷᠢ︾ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠤᠨ ᠪᠠᠷᠢᠯᠭ᠎ᠠ ᠶᠢ ᠭᠤᠣᠯᠳᠠᠭᠤ ᠰᠢᠨ᠎ᠡ ᠪᠠᠷ ᠪᠠᠶᠢᠭᠤᠯᠬᠤ ᠲᠣᠮᠣ ᠬᠤᠳᠳᠤᠭ ᠤᠨ ᠤᠰᠤᠨ ᠤ ᠰᠤᠷᠪᠤᠯᠵᠢ᠂ ᠥᠨᠳᠥᠷ ᠪᠠᠶᠢᠷᠢ ᠶᠢᠨ ᠤᠰᠤᠨ ᠴᠥᠭᠦᠷᠥᠮ᠂ ᠤᠰᠤ ᠭᠠᠷᠭᠠᠬᠤ ᠬᠤᠭᠤᠯᠠᠢ ᠪᠠ ᠡᠷᠦᠬᠡ ᠳᠤ ᠣᠷᠣᠬᠤ ᠵᠡᠷᠭᠡ ᠭᠤᠷᠪᠠᠨ ᠬᠡᠰᠡᠭ ᠲᠤ ᠬᠤᠪᠢᠶᠠᠪᠠ᠃ ︽ᠬᠡᠰᠡᠭ ᠲᠣᠰᠬᠤᠨ ᠤ ᠠᠷᠠᠳ ᠱᠢ ᠳᠧᠦ ᠱᠠᠨ ᠢ ᠲᠦᠰᠢᠭᠰᠡᠨ ᠠᠴᠠ ᠵᠠᠮ ᠲᠣᠭᠤᠷᠢᠵᠤ ᠲᠠᠷᠢᠶᠠᠨ ᠭᠠᠵᠠᠷ ᠠᠴᠠ ᠥᠩᠭᠡᠷᠡᠬᠦ ᠴᠢᠬᠤᠯᠠᠲᠠᠢ ᠪᠣᠯᠬᠤᠷ᠂ ᠮᠠᠨ ᠤ ᠡᠨᠡ ᠬᠡᠰᠡᠭ ᠪᠠᠷᠢᠯᠭ᠎ᠠ ᠨᠠᠮᠤᠷ ᠤᠨ ᠬᠤᠷᠢᠶᠠᠯᠲᠠ ᠶᠢᠨ ᠳᠠᠷᠠᠭ᠎ᠠ ᠬᠢᠵᠦ᠂ 10 ᠰᠠᠷ᠎ᠠ ᠶᠢᠨ ᠰᠡᠭᠦᠯᠴᠢ ᠪᠠᠷ ᠨᠢᠭᠡᠳᠦᠯᠲᠡᠢ ᠪᠡᠶᠡᠯᠡᠭᠦᠯᠬᠦ ᠪᠠᠷ ᠴᠢᠷᠮᠠᠶᠢᠨ᠎ᠠ︾ ᠭᠡᠵᠦ ᠲᠥᠰᠦᠯ ᠤᠨ ᠳᠠᠭᠠᠭᠠᠮᠠᠯ ᠭᠦᠸᠧ ᠶᠠᠨ ᠵᠢᠶᠦ᠋ᠨ ᠬᠡᠯᠡᠪᠡ᠃     ︽ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠵᠤ᠂ ᠠᠮᠤ ᠬᠦᠨᠡᠰᠦ ᠶᠢ ᠤᠷᠢᠳᠠᠪᠠᠷ ᠢᠳᠡᠬᠦ︾ ᠶᠢ ᠪᠡᠶᠡᠯᠡᠭᠦᠯᠦᠨ᠎ᠡ᠃ ︽ᠤᠰᠤᠨ ᠭᠤᠭᠤᠵᠢᠭᠤᠷ︾ ᠨᠢᠭᠡ ᠲᠠᠯ᠎ᠠ ᠪᠠᠷ ᠠᠷᠠᠳ ᠤᠨ ᠠᠮᠢᠳᠤᠷᠠᠯ ᠲᠠᠢ ᠬᠤᠯᠪᠣᠯᠳᠤᠵᠤ ᠂ ᠨᠢᠭᠡ ᠲᠠᠯ᠎ᠠ ᠪᠠᠷ ᠬᠥᠭᠵᠢᠯᠲᠡ ᠲᠠᠢ ᠬᠤᠯᠪᠣᠯᠳᠤᠵᠤ᠂ ᠭᠦᠶᠡᠩ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠷᠥᠯ ᠵᠦᠢᠯ ᠢ ᠮᠥᠷᠳᠡᠨ ᠬᠠᠮᠢᠶᠠᠷᠬᠤ ᠪᠠ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ︽ᠪᠠᠷᠢᠯᠭ᠎ᠠ ᠶᠢᠨ ᠵᠢᠷᠤᠭ︾ ᠢ ᠠᠯᠬᠤᠮ ᠠᠯᠬᠤᠮ ᠢᠶᠠᠷ ︽ᠪᠣᠳᠠᠲᠤ ᠦᠵᠡᠮᠵᠢ ᠶᠢᠨ ᠵᠢᠷᠤᠭ︾ ᠪᠣᠯᠭᠠᠨ ᠬᠤᠪᠢᠷᠠᠭᠤᠯᠬᠤ ᠶᠢᠨ ᠬᠠᠮᠲᠤ ᠡᠭᠦᠨ ᠢᠶᠠᠷ ᠠᠵᠠ ᠲᠣᠬᠢᠶᠠᠯ ᠪᠣᠯᠭᠠᠵᠤ᠂ ᠤᠤᠭᠤᠬᠤ ᠤᠰᠤᠨ ᠤ ᠠᠮᠤᠷ ᠲᠦᠪᠰᠢᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠲᠠᠷᠢᠶᠠᠯᠠᠩ ᠤᠨ ᠥᠨᠳᠥᠷ ᠪᠦᠲᠦᠮᠵᠢᠲᠡᠢ ᠦᠢᠯᠡᠳᠪᠦᠷᠢᠯᠡᠯ ᠢ ᠰᠠᠨᠠᠭᠠᠴᠢᠯᠠᠬᠤ ᠵᠡᠷᠭᠡ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠬᠥᠳᠡᠭᠡ ᠲᠣᠰᠬᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠠᠭᠤᠯᠠ ᠶᠢ ᠨᠡᠩ ᠨᠣᠭᠤᠭᠠᠨ᠂ ᠤᠰᠤ ᠶᠢ ᠨᠡᠩ ᠲᠤᠩᠭᠠᠯᠠᠭ᠂ ᠭᠡᠷ ᠢ ᠨᠡᠩ ᠦᠵᠡᠰᠬᠦᠯᠡᠩᠲᠦ ᠰᠠᠶᠢᠬᠠᠨ ᠪᠣᠯᠭᠠᠵᠤ᠂ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤᠪᠠᠷ ᠴᠣᠭᠴᠠᠯᠠᠨ᠎ᠠ ᠭᠡᠪᠡ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号