ᠶᠣᠣ ᠵᠢᠶᠦ᠋ᠨ ᠵᠢᠶᠧ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/27
    ᠡᠨᠡ ᠵᠢᠯ ᠠᠴᠠ ᠨᠠᠰᠢ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠵᠠᠯᠭᠠᠭ᠎ᠠ ᠪᠠᠷ 10 ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠣᠳᠣ 26 ᠠᠵᠤ ᠠᠬᠤᠶᠢᠯᠠᠯ ᠪᠤᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠲᠥᠯᠥᠭᠡ᠂ 8 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠵᠢᠶᠦ᠋ᠨ ᠺᠠᠩ ᠴᠢ ᠶᠧ ᠵᠡᠷᠭᠡ 10 ᠠᠵᠤ ᠠᠬᠤᠶᠢᠯᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃     ᠶᠣᠣ ᠵᠢᠶᠦ᠋ᠨ ᠵᠢᠶᠧ ᠡᠯ᠎ᠡ ᠠᠵᠤ ᠠᠬᠤᠶᠢᠯᠠᠯ ᠤᠨ ᠭᠦᠶᠡᠩ ᠤᠨ ᠦᠢᠯᠡᠰ ᠪᠤᠰᠬᠠᠬᠤ ᠵᠢᠴᠢ ᠭᠦᠶᠡᠩ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃ ᠣᠯᠠᠨ ᠢᠶᠠᠷ ᠢᠶᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ ᠲᠠᠷᠢᠶᠠᠴᠢᠨ ᠡᠷᠦᠬᠡ ᠲᠠᠢ ᠨᠡᠩ ᠨᠢᠭᠲᠠ ᠠᠰᠢᠭ ᠲᠤᠰᠠ ᠶᠢᠨ ᠬᠤᠯᠪᠣᠯᠳᠤᠯ ᠪᠠᠶᠢᠭᠤᠯᠵᠤ᠂ ᠠᠵᠤ ᠠᠬᠤᠶᠢᠯᠠᠯ ᠤᠨ ᠥᠪᠡᠷ ᠤᠨ ᠥᠷᠲᠡᠭ ᠢᠶᠠᠨ ᠪᠠᠭᠤᠷᠠᠭᠤᠯᠵᠤ ᠦᠷ᠎ᠡ ᠠᠰᠢᠭ ᠢᠶᠠᠨ ᠨᠡᠮᠡᠭᠳᠡᠭᠦᠯᠬᠦ ᠪᠠ ᠲᠦᠭᠦᠬᠡᠢ ᠮᠠᠲ᠋ᠧᠷᠢᠶᠠᠯ ᠲᠠᠢ ᠪᠣᠯᠭᠠᠬᠤ ᠶᠢ ᠪᠡᠶᠡᠯᠡᠭᠦᠯᠵᠦ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ ᠵᠣᠭᠤᠰ ᠣᠯᠬᠤ ᠶᠢ ᠬᠦᠰᠡᠵᠦ ᠪᠠᠶᠢᠨ᠎ᠠ᠃ ᠡᠭᠦᠨ ᠤ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠠᠬᠢᠪᠠ᠃     ᠶᠣᠣ ᠵᠢᠶᠦ᠋ᠨ ᠵᠢᠶᠧ ᠴᠢᠬᠤᠯᠠᠴᠢᠯᠠᠬᠤ ᠳᠠᠭᠠᠨ᠂ ᠨᠢᠭᠡ ᠳᠤ ᠬᠤᠸᠠᠷ ᠬᠠᠳᠬᠤᠬᠤ ᠠᠵᠢᠯ ᠢ ᠰᠠᠶᠢᠲᠤᠷ ᠬᠢᠵᠦ᠂ ᠴᠡᠪᠡᠷ ᠴᠡᠮᠴᠡᠭᠡᠷ ᠬᠦᠷᠢᠶᠡᠯᠡᠩ ᠲᠣᠭᠤᠷᠢᠭ ᠢ ᠪᠠᠶᠢᠭᠤᠯᠬᠤ ᠬᠡᠷᠡᠭᠲᠡᠢ᠃ ᠠᠳᠠᠯ ᠠᠬᠤᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠨᠠᠷᠢᠨ ᠨᠢᠮᠪᠠᠢ ᠣᠷᠣᠭᠤᠯᠬᠤ ᠪᠠᠷ ᠳᠠᠮᠵᠢᠭᠤᠯᠤᠨ᠂ ᠴᠡᠪᠡᠷ ᠴᠡᠮᠴᠡᠭᠡᠷ᠂ ᠡᠮᠬᠢ ᠵᠢᠷᠤᠮ ᠲᠠᠢ ᠦᠢᠯᠡᠳᠪᠦᠷᠢᠯᠡᠯ ᠪᠠ ᠠᠮᠢᠳᠤᠷᠠᠯ ᠤᠨ ᠣᠷᠴᠢᠨ ᠲᠣᠭᠤᠷᠢᠨ ᠢ ᠪᠣᠢ ᠪᠣᠯᠭᠠᠵᠤ᠂ ᠬᠦᠷᠢᠶᠡᠯᠡᠩ ᠲᠣᠭᠤᠷᠢᠭ ᠤᠨ ᠲᠠᠲᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠦᠷᠭᠦᠯᠵᠢ ᠰᠤᠷᠪᠤᠯᠵᠢᠯᠠᠨ ᠠᠰᠠᠭᠤᠵᠤ᠂ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠬᠤ ᠶᠢ ᠠᠬᠢᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠺᠠᠳ᠋ᠷᠴᠤᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠴᠤ᠂ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ ᠂ ᠲᠥᠷᠥᠯ ᠵᠦᠢᠯ ᠢ ᠡᠷᠲᠡᠬᠡᠨ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠰᠠᠶᠢᠨ ᠵᠥᠪᠯᠡᠭᠴᠢ ᠲᠤᠰᠠᠯᠠᠭᠴᠢ ᠪᠣᠯᠵᠣ᠂ ᠠᠵᠤ ᠠᠬᠤᠶᠢᠯᠠᠯ ᠢ ᠬᠠᠪᠰᠤᠷᠤᠨ ᠪᠣᠷᠣᠯᠠᠭᠤᠯᠭ᠎ᠠ ᠶᠢᠨ ᠵᠠᠮ ᠢ ᠨᠢ ᠥᠷᠭᠡᠳᠬᠡᠬᠦ ᠬᠡᠷᠡᠭᠲᠡᠢ᠃ ᠬᠦᠷᠢᠶᠡᠯᠡᠩ ᠲᠣᠭᠤᠷᠢᠭ ᠤᠨ ᠺᠠᠳ᠋ᠷᠴᠤᠳ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠪᠠᠶᠢᠴᠠᠭᠠᠨ ᠰᠤᠳᠤᠯᠤᠯᠲᠠ ᠶᠢ ᠭᠦᠢᠴᠡᠳ ᠰᠠᠶᠢᠲᠤᠷ ᠬᠢᠵᠦ᠂ ᠲᠤᠰᠬᠠᠢ ᠮᠡᠷᠭᠡᠵᠢᠯ ᠤᠨ ᠪᠦᠯᠬᠦᠮ ᠢ ᠣᠷᠣᠭᠤᠯᠤᠨ ᠠᠪᠴᠢᠷᠠᠵᠤ ᠦᠢᠯᠡᠳᠬᠦᠨ ᠢ ᠰᠤᠳᠤᠯᠤᠨ ᠨᠡᠭᠡᠭᠡᠬᠦ᠂ ᠨᠠᠷᠢᠯᠢᠭ ᠭᠦᠨᠵᠡᠭᠡᠢ ᠡᠳ᠋ᠰᠢᠭᠦᠯᠬᠦ᠂ ᠨᠡᠷᠡᠲᠦ ᠲᠥᠷᠥᠯ ᠲᠡᠮᠳᠡᠭᠲᠦ ᠶᠢ ᠪᠣᠢ ᠪᠣᠯᠭᠠᠬᠤ᠂ ᠪᠣᠭᠤᠳᠠᠯᠯᠠᠬᠤ ᠵᠢᠷᠤᠭ ᠲᠥᠯᠥᠪᠯᠡᠭᠡ ᠵᠡᠷᠭᠡ ᠲᠠᠯ᠎ᠠ ᠪᠠᠷ ᠰᠣᠳᠣᠨ ᠪᠦᠲᠦᠭᠡᠯ ᠭᠠᠷᠭᠠᠬᠤ ᠶᠢᠨ ᠬᠠᠮᠲᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠦᠢᠯᠡᠳᠬᠦᠨ ᠤ ᠠᠯᠳᠠᠷᠰᠢᠯ ᠪᠠ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠪᠥᠬᠦ ᠰᠢᠶᠠᠨ ᠤ ᠶᠡᠭᠡ ᠲᠠᠯ᠎ᠠ ᠳᠤ ᠵᠣᠭᠰᠣᠵᠤ᠂ ᠲᠠᠷᠢᠶᠠᠯᠠᠩ ᠠᠵᠤ ᠠᠬᠤᠶᠢᠯᠠᠯ ᠤᠨ ᠬᠠᠮᠲᠤᠪᠠᠷ ᠠᠰᠢᠭ ᠬᠦᠷᠲᠡᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠨᠠᠷᠢᠯᠢᠭ ᠭᠦᠨᠵᠡᠭᠡᠢ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠨ᠂ ᠬᠤᠨᠴᠢᠷ ᠢ ︽ᠡᠬᠢᠨ ᠠᠴᠠ ᠨᠢ ᠠᠳᠠᠭ︾ ᠬᠦᠷᠲᠡᠯ᠎ᠡ ᠭᠦᠢᠴᠡᠳ ᠠᠰᠢᠭᠯᠠᠵᠤ᠂ ᠨᠡᠩ ᠣᠯᠠᠨ ᠠᠵᠢᠯ ᠤᠨ ᠪᠠᠶᠢᠷᠢ ᠡᠭᠦᠳᠬᠦ ᠬᠡᠷᠡᠭᠲᠡᠢ᠃ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠵᠦᠢᠯ ᠤᠨ ᠡᠮ ᠤᠨ ᠮᠠᠲ᠋ᠧᠷᠢᠶᠠᠯ ᠳᠠᠷᠢᠭᠤᠯᠵᠤ᠂ ᠬᠤᠨᠴᠢᠷ ᠡᠭᠡᠯᠵᠢᠯᠡᠨ ᠭᠤᠤᠷᠰᠤ ᠤᠷᠪᠠᠭᠤᠯᠬᠤ ᠠᠰᠠᠭᠤᠳᠠᠯ ᠢ ᠰᠢᠢᠳᠪᠦᠷᠢᠯᠡᠵᠦ᠂ ᠣᠯᠠᠨ ᠡᠰᠢᠲᠦ ᠬᠥᠭᠵᠢᠯᠲᠡ ᠪᠠᠷ ᠳᠠᠮᠵᠢᠭᠤᠯᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠢ ᠴᠢᠩᠭᠠᠷᠠᠭᠤᠯᠵᠤ᠂ ᠲᠠᠷᠢᠶᠠᠯᠠᠩ ᠠᠵᠤ ᠠᠬᠤᠶᠢᠯᠠᠯ ᠤᠨ ᠤᠷᠲᠤ ᠬᠤᠭᠤᠴᠠᠭ᠎ᠠ ᠪᠠᠷ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠬᠦ ᠬᠡᠷᠡᠭᠲᠡᠢ  ᠭᠡᠪᠡ᠃     ᠰᠢᠶᠠᠨ ᠤ ᠤᠳᠤᠷᠢᠳᠤᠯᠭ᠎ᠠ ᠯᠢ ᠷᠦᠢ᠂ ᠶᠠᠩ ᠵᠢᠶᠦ᠋ᠨ ᠹᠧᠩ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号