ᠰᠢᠶᠠ ᠱᠢ ᠬᠤᠤ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠪᠢᠷ ᠤᠨ ᠴᠤᠭᠯᠠᠭᠠᠨ ᠤ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/8/27
    2024 ᠤᠨ ᠪᠣᠯ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠢ ᠪᠣᠯᠤᠨ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠬᠤ ᠶᠢᠨ ᠲᠥᠯᠥᠭᠡ᠂ 2024 ᠣᠨ ᠤ 8 ᠰᠠᠷ᠎ᠠ ᠶᠢᠨ 22 ᠤᠨ ᠡᠳᠦᠷ ᠰᠢᠶᠠ ᠱᠢ ᠬᠤᠤ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠪᠢᠷ ᠤᠨ ᠴᠤᠭᠯᠠᠭᠠᠨ ᠤ ᠠᠵᠢᠯᠯᠠᠭ᠎ᠠ ᠡᠷᠬᠢᠯᠡᠪᠡ᠃ ᠰᠢᠶᠠ ᠱᠢ ᠬᠤᠤ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠷᠠᠳᠴᠢᠯᠠᠭᠰᠠᠨ ᠨᠠᠮ ᠪᠦᠯᠦᠭ ᠤᠨ ᠬᠥᠮᠦᠰ᠂ ᠨᠠᠮ ᠤᠨ ᠭᠠᠳᠠᠨᠠᠬᠢ ᠺᠠᠳ᠋ᠷ᠂ ᠤᠷᠠᠨ ᠪᠢᠴᠢᠯᠭᠡ ᠤᠷᠠᠨ ᠵᠢᠷᠤᠭ ᠤᠨ ᠪᠠᠭ᠋ᠠᠳᠠᠳ ᠠᠵᠢᠯᠯᠠᠭ᠎ᠠ ᠳᠤ ᠣᠷᠣᠯᠴᠠᠪᠠ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠣᠯᠠᠨ ᠢᠶᠠᠷ ᠢᠶᠠᠨ ᠪᠢᠷ ᠪᠡᠬᠡᠰ ᠢᠶᠠᠨ ᠬᠤᠷᠦ᠋ᠢᠯᠠᠵᠤ᠂ ᠪᠢᠷ ᠪᠡᠬᠡᠰ ᠢᠶᠠᠷ ᠵᠡᠪᠰᠡᠭᠯᠡᠵᠦ᠂ ᠤᠷᠠᠨ ᠪᠢᠴᠢᠯᠭᠡ ᠪᠠᠷ ᠵᠣᠷᠢᠭ ᠢᠶᠠᠨ ᠢᠯᠡᠳᠬᠡᠵᠦ᠂ ᠵᠢᠷᠤᠭ ᠢᠶᠠᠷ ᠰᠡᠳᠬᠢᠯᠭᠡ ᠪᠠᠨ ᠢᠯᠡᠳᠬᠡᠵᠦ᠂ ᠭᠠᠷ ᠪᠢᠴᠢᠮᠡᠯ ᠳᠡᠪᠢᠭᠦᠷ᠂ ᠬᠠᠳᠬᠤᠭᠤᠷ ᠤᠨ ᠵᠢᠵᠢᠭ ᠴᠠᠭᠠᠰᠤ᠂ ᠤᠷᠠᠨ ᠪᠢᠴᠢᠯᠭᠡ ᠶᠢᠨ ᠪᠦᠲᠦᠭᠡᠯ ᠨᠢ ᠠᠮᠢᠳᠤᠯᠢᠭ ᠪᠥᠭᠡᠳ ᠢᠯᠡ ᠲᠣᠳᠣ᠂ ᠤᠳᠬ᠎ᠠ ᠠᠭᠤᠯᠭ᠎ᠠ ᠲᠠᠢ ᠪᠠᠶᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠰᠢᠨ᠎ᠡ ᠴᠠᠭ ᠦᠶ᠎ᠡ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠭᠦᠶᠡᠩ ᠰᠢᠶᠠᠨ ᠤ ᠤᠷᠠᠨ ᠪᠢᠴᠢᠯᠭᠡ ᠤᠷᠠᠨ ᠵᠢᠷᠤᠭ ᠤᠨ ᠨᠡᠶᠢᠭᠡᠮᠯᠢᠭ ᠤᠨ ᠭᠡᠰᠢᠭᠦᠨ᠂ ᠴᠧᠨ ᠵᠢᠶᠠ ᠴᠢᠦᠢ ᠲᠣᠰᠬᠤᠨ ᠤ ᠨᠠᠮ ᠤᠨ ᠡᠭᠦᠷ ᠤᠨ ᠱᠦᠵᠢ ᠵᠠᠩ ᠱᠧᠩ᠂ ᠲᠣᠰᠬᠤᠨ ᠤ ᠨᠠᠮ ᠤᠨ ᠬᠤᠷᠢᠶᠠᠨ ᠤ ᠤᠷᠠᠨ ᠪᠢᠴᠢᠯᠭᠡ ᠳᠤ ᠪᠠᠭ᠋ᠠᠲᠠᠢ ᠬᠥᠮᠦᠰ ᠯᠢᠦ ᠲᠢᠶᠠᠨ ᠪᠦᠦ ᠲᠤᠬᠠᠢ ᠶᠢᠨ ᠲᠠᠯᠠᠪᠠᠢ ᠳᠤ ᠣᠯᠠᠨ ᠤ ᠤᠷᠠᠨ ᠪᠢᠴᠢᠯᠭᠡ ᠶᠢᠨ ᠠᠷᠭ᠎ᠠ ᠪᠠ ᠤᠷ᠎ᠠ ᠮᠡᠷᠭᠡᠵᠢᠯ ᠢ ᠵᠢᠯᠣᠭᠤᠳᠴᠤ᠂ ᠪᠦᠬᠦ᠋ᠢᠯᠡ ᠠᠵᠢᠯᠯᠠᠭ᠎ᠠ ᠳᠤ ᠭᠦᠨ ᠵᠤᠵᠠᠭᠠᠨ ᠪᠢᠴᠢᠭ ᠤᠨ ᠦᠨᠦᠷ ᠠᠮᠲᠠ ᠪᠠ ᠰᠣᠶᠣᠯ ᠤᠨ ᠠᠭᠤᠷ ᠠᠮᠢᠰᠬᠤᠯ ᠢᠶᠠᠷ ᠪᠢᠯᠬᠠᠭᠤᠯᠪᠠ᠃     ᠲᠤᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠪᠢᠯᠢᠭ ᠤᠨ ᠴᠤᠭᠯᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠢᠶᠠ ᠱᠢ ᠬᠤᠤ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠢᠶ᠎ᠠ ᠪᠡᠭᠡ ᠵᠢᠷᠤᠭ ᠢᠶᠠᠷ ᠴᠤᠭᠯᠠᠷᠠᠵᠤ᠂ ᠤᠯᠤᠰ ᠲᠥᠷᠥ ᠶᠢᠨ ᠵᠥᠪᠯᠡᠯᠭᠡᠨ ᠤ ᠦᠯᠢᠭᠡᠷ ᠢ ᠰᠠᠶᠢᠲᠤᠷ ᠶᠠᠷᠢᠵᠤ᠂ ᠤᠯᠤᠰ ᠲᠥᠷᠥ ᠶᠢᠨ ᠵᠥᠪᠯᠡᠯᠭᠡᠨ ᠤ ᠳᠠᠭᠤᠨ ᠢ ᠤᠯᠠᠮᠵᠢᠯᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠥᠭᠦᠷᠭᠡ ᠬᠤᠯᠪᠣᠭᠠᠰᠤ ᠪᠠ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠡᠯ᠎ᠡ ᠡᠲᠡᠭᠡᠳ ᠤᠨ ᠬᠥᠮᠦᠰ ᠢ ᠳᠠᠶᠢᠴᠢᠯᠠᠨ ᠨᠡᠩ ᠣᠯᠠᠨ ᠡᠰᠢᠲᠦ ᠰᠣᠶᠣᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠪᠠ ᠣᠷᠣᠯᠴᠠᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤ ᠪᠣᠢ ᠪᠣᠯᠭᠠᠵᠤ᠂ ︽ᠳᠥᠷᠪᠡᠨ ᠬᠠᠮᠲᠤᠳᠬᠠᠬᠤ︾ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠵᠤ ᠂ ︽ᠲᠠᠪᠤᠨ ᠬᠠᠮᠲᠤ ᠶᠢᠨ ᠲᠠᠨᠢᠯᠲᠠ︾ ᠶᠢ ᠲᠠᠰᠤᠷᠠᠯᠲᠠ ᠥᠬᠡᠶ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠭᠦᠶᠡᠩ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃ 
 
ᠢᠷᠡᠯᠲᠡ᠄ ᠭᠦᠶᠡᠩ ᠰᠢᠶᠠᠨ ᠤ ᠰᠢᠶᠠ ᠱᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号