​ᠭᠦᠶᠡᠩ ᠬᠤᠨᠴᠢᠷ
ᠨᠡᠶᠢᠲᠡᠯᠡᠭᠰᠡᠨ ᠴᠠᠭ᠄
2024/8/27
    ᠭᠦᠶᠡᠩ ᠬᠤᠨᠴᠢᠷ ᠣᠨᠴᠠᠭᠠᠢ ᠤᠷᠭᠤᠯᠲᠠ ᠶᠢᠨ ᠣᠨᠴᠠᠯᠢᠭ ᠠᠴᠠ ᠪᠣᠯᠵᠤ ᠭᠦᠶᠡᠩ ᠰᠢᠶᠠᠨ ᠤ ᠭᠠᠵᠠᠷ ᠵᠦᠢ ᠶᠢᠨ ᠠᠭᠤᠷ ᠠᠮᠢᠰᠬᠤᠯ ᠲᠠᠢ ᠪᠦᠷᠢᠨ ᠰᠠᠶᠢᠬᠠᠨ ᠵᠣᠬᠢᠴᠠᠵᠤ᠂ ᠡᠨᠡ ᠬᠡᠰᠡᠭ ᠭᠠᠵᠠᠷ ᠲᠤ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ ᠭᠦᠶᠡᠩ ᠰᠢᠶᠠᠨ ᠪᠣᠯ ᠤᠮᠠᠷᠠᠲᠤ ᠥᠷᠭᠡᠷᠢᠭ ᠤᠨ 41° ᠤᠨ ᠰᠢᠵᠢᠷ ᠠᠯᠲᠠᠨ ᠤ ᠲᠠᠷᠢᠮᠠᠯ ᠤᠨ ᠪᠦᠰᠡ ᠳᠤ ᠪᠠᠶᠢᠷᠢᠯᠠᠵᠤ᠂ ᠨᠡᠶᠢᠲᠡᠯᠢᠭ ᠳᠤᠮᠳᠠ ᠰᠡᠷᠢᠭᠦᠨ ᠪᠦᠰᠡ ᠶᠢᠨ ᠡᠬᠡ ᠭᠠᠵᠠᠷ ᠤᠨ ᠴᠢᠨᠠᠷᠲᠠᠢ ᠠᠭᠤᠷ ᠠᠮᠢᠰᠬᠤᠯ ᠪᠣᠯᠤᠨ᠎ᠠ᠃ ᠪᠣᠷᠣᠭᠠᠨ ᠤ ᠬᠠᠯᠠᠭᠤᠨ ᠠᠳᠠᠯᠢ ᠬᠤᠭᠤᠴᠠᠭᠠᠨ ᠳᠤ᠂ ᠬᠢᠷᠠᠭᠤ ᠦᠭᠡᠢ ᠬᠤᠭᠤᠴᠠᠭ᠎ᠠ ᠣᠬᠤᠷ ᠂ ᠭᠡᠷᠡᠯ ᠤᠨ ᠲᠤᠰᠤᠯᠲᠠ ᠭᠦᠢᠴᠡᠳ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠥᠪᠡᠷᠮᠢᠴᠡ ᠪᠠᠶᠢᠭᠠᠯᠢ ᠶᠢᠨ ᠨᠥᠬᠦᠴᠡᠯ ᠠᠴᠠ ᠡᠭᠦᠰᠦᠭᠰᠡᠨ ᠠᠰ ᠬᠤᠶᠢᠲᠤ ᠬᠤᠨᠴᠢᠷ ᠨᠢ ᠥᠩᠭᠡ ᠨᠢ ᠰᠣᠳᠣᠨ᠂ ᠠᠮᠲᠠᠯᠢᠭ᠂ ᠨᠢᠭᠲᠠ᠂ ᠰᠢᠬᠢᠷ ᠤᠨ ᠠᠭᠤᠯᠤᠭᠳᠠᠴᠠ ᠤᠯᠠᠨ᠂ ᠰᠢᠬᠢᠷᠯᠢᠭ ᠠᠮᠲᠠ ᠭᠦᠢᠴᠡᠳ᠂ ᠶᠠᠰᠤ ᠴᠢᠨᠠᠷ ᠰᠢᠯᠢᠳᠡᠭ ᠪᠠᠶᠢᠳᠠᠭ᠃    ᠭᠦᠶᠡᠩ ᠬᠡᠭᠡᠷ᠎ᠡ ᠶᠢᠨ ᠬᠤᠨᠴᠢᠷ ᠨᠢ ᠥᠨᠢ ᠤᠳᠠᠭᠠᠨ ᠲᠡᠦᠬᠡ ᠲᠠᠢ᠂ ᠬᠥᠮᠦᠨ ᠤ ᠬᠦᠴᠦ ᠪᠠᠷ ᠲᠠᠷᠢᠭᠰᠠᠨ ᠪᠥᠭᠡᠳ 60 ᠭᠠᠷᠤᠢ ᠵᠢᠯ ᠪᠠᠶᠢᠵᠤ᠂ ᠣᠳᠣ ᠨᠢᠭᠡᠨᠲᠡ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠲᠤᠯᠭᠠᠭᠤᠷᠢ ᠠᠵᠤ ᠦᠢᠯᠡᠰ ᠪᠣᠯᠤᠭᠰᠠᠨ ᠪᠠᠶᠢᠨ᠎ᠠ᠃ 2024 ᠣᠨ ᠳᠤ᠂ ᠭᠦᠶᠡᠩ ᠰᠢᠶᠠᠨ ᠤ ᠬᠤᠨᠴᠢᠷ ᠲᠠᠷᠢᠬᠤ ᠲᠠᠯᠠᠪᠠᠢ 14.41 ᠲᠦᠮᠡᠨ ᠮᠦ ᠳᠤ ᠬᠦᠷᠴᠦ᠂ ᠳᠡᠭᠡᠷ᠎ᠡ ᠵᠢᠯ ᠤᠨ ᠬᠢ ᠠᠴᠠ 28.78% ᠪᠠᠷ ᠨᠡᠮᠡᠭᠳᠡᠪᠡ᠃ ᠮᠡᠷᠭᠡᠵᠢᠯ ᠰᠢᠨ᠎ᠡ᠂ ᠲᠥᠷᠥ ᠶᠢᠨ ᠪᠣᠳᠣᠯᠭ᠎ᠠ ᠲᠣᠭᠲᠠᠭᠤᠨ᠂ ᠠᠵᠤ ᠦᠢᠯᠡᠰ ᠬᠥᠭᠵᠢᠨ ᠪᠠᠳᠠᠷᠠᠵᠤ᠂ ᠭᠦᠶᠡᠩ ᠰᠢᠶᠠᠨ ᠶᠠᠭ ︽ᠨᠢᠭᠡᠨ ᠬᠤᠨᠴᠢᠷ ᠲᠠᠷᠢᠶᠠᠴᠢᠳ ᠢ ᠪᠠᠶᠠᠵᠢᠭᠤᠯᠬᠤ︾ ᠵᠠᠮ ᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号