ᠰᠢ ᠳ᠋ᠧᠦ ᠫᠦ᠋ ᠪᠠᠯᠭᠠᠰᠤ ᠴᠡᠷᠢᠭ ᠠᠴᠠ ᠬᠠᠯᠠᠭᠳᠠᠭᠰᠠᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/4
    ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠣᠢ ᠶᠢ ᠪᠡᠯᠭᠡᠯᠡᠬᠦ ᠶᠢᠨ ᠲᠥᠯᠥᠭᠡ᠂ 7 ᠰᠠᠷ᠎ᠠ ᠶᠢᠨ 31 ᠤ ᠡᠳᠦᠷ᠂ ᠰᠢ ᠳ᠋ᠧᠦ ᠫᠦ᠋ ᠪᠠᠯᠭᠠᠰᠤ ᠴᠡᠷᠢᠭ ᠠᠴᠠ ᠬᠠᠯᠠᠭᠳᠠᠭᠰᠠᠳ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ ᠴᠡᠷᠢᠭ ᠠᠴᠠ ᠬᠠᠯᠠᠭᠳᠠᠭᠰᠠᠳ ᠲᠠᠢ ᠬᠠᠮᠲᠤ ᠪᠠᠷ ᠴᠡᠷᠢᠭ ᠤᠨ ᠠᠮᠢᠳᠤᠷᠠᠯ ᠢ ᠡᠷᠭᠢᠴᠡᠭᠦᠯᠵᠦ᠂ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢ ᠳᠠᠭᠠᠭᠤᠯᠤᠨ ᠰᠤᠷᠤᠯᠴᠠᠵᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠡᠦ ᠷᠠᠨ ᠺᠦᠨ ᠨᠥᠬᠦᠷ ᠮᠠᠨ ᠤ ᠪᠠᠯᠭᠠᠰᠤᠨ ᠤ ᠤᠳᠤᠷᠢᠳᠬᠤ ᠪᠠᠭ ᠢ ᠲᠥᠯᠥᠭᠡᠯᠡᠨ ᠴᠡᠷᠢᠭ ᠠᠴᠠ ᠬᠠᠯᠠᠭᠳᠠᠭᠰᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ ᠲᠡᠳᠡᠨ ᠤ ᠮᠠᠨ ᠤ ᠪᠠᠯᠭᠠᠰᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠳᠤ ᠲᠠᠯᠠᠷᠬᠠᠬᠤ ᠶᠢᠨ ᠬᠠᠮᠲᠤ ᠲᠡᠳᠡᠨ ᠤ ᠴᠡᠷᠢᠭ ᠠᠩᠭᠢ ᠶᠢᠨ ᠰᠢᠯᠢᠳᠡᠭ ᠤᠯᠠᠮᠵᠢᠯᠠᠯ ᠪᠠ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯᠲᠤ ᠴᠡᠷᠢᠭ ᠤᠨ ᠬᠥᠮᠦᠨ ᠤ ᠮᠥᠨ ᠴᠢᠨᠠᠷ ᠢ ᠢᠯᠡᠷᠡᠭᠦᠯᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠬᠤ ᠶᠢ ᠬᠦᠰᠡᠪᠡ᠃    ᠶᠠᠷᠢᠯᠴᠠᠬᠤ ᠬᠤᠷᠠᠯ ᠳᠡᠭᠡᠷ᠎ᠡ᠂ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠬᠠᠮᠲᠤ ᠪᠠᠷ ᠴᠡᠷᠢᠭ ᠤᠨ ᠠᠮᠢᠳᠤᠷᠠᠯ ᠢ ᠡᠷᠭᠢᠴᠡᠭᠦᠯᠵᠦ᠂ ᠭᠠᠶᠢᠬᠠᠮᠰᠢᠭᠲᠤ ᠡᠳᠦᠷ ᠬᠤᠨᠤᠭ ᠢ ᠳᠤᠷᠠᠰᠤᠨ ᠰᠠᠨᠠᠭᠠᠯᠵᠠᠵᠤ᠂ ᠶᠠᠷᠢᠯᠴᠠᠬᠤ ᠬᠤᠷᠠᠯ ᠳᠤ ᠣᠷᠣᠯᠴᠠᠭᠰᠠᠨ ᠴᠡᠷᠢᠭ ᠠᠴᠠ ᠬᠠᠯᠠᠭᠳᠠᠭᠰᠠᠳ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠳᠤ ᠲᠠᠯᠠᠷᠬᠠᠵᠤ ᠪᠠᠶᠢᠨ᠎ᠠ᠂ ᠲᠡᠳᠡ ᠴᠡᠷᠢᠭ ᠤᠨ ᠰᠢᠯᠢᠳᠡᠭ ᠤᠯᠠᠮᠵᠢᠯᠠᠯ ᠪᠣᠯᠤᠨ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ ᠠᠷᠠᠳ ᠤᠨ ᠵᠡᠪᠰᠡᠭᠲᠦ ᠬᠦᠴᠦᠨ ᠤ ᠠᠵᠢᠯ ᠳᠤ ᠠᠷᠭ᠎ᠠ ᠤᠬᠠᠭᠠᠨ ᠭᠠᠷᠭᠠᠵᠤ᠂ ᠨᠤᠲᠤᠭ ᠤᠰᠤᠨ ᠤ ᠪᠠᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号