ᠯᠢᠦ ᠢᠦᠢ ᠲᠢᠩ ᠰᠢ ᠳ᠋ᠧᠦ ᠫᠦ᠋ ᠪᠠᠯᠭᠠᠰᠤᠨ ᠤ ᠬᠣ᠋ ᠵᠢᠢ ᠲᠤ ᠲᠣᠰᠬᠤᠨ ᠳᠤ ᠡᠶᠢᠮᠦ ᠨᠢᠭᠡᠨ ᠴᠡᠷᠢᠭ ᠠᠴᠠ | ᠬᠠᠯᠠᠭᠳᠠᠭᠰᠠᠳ ᠪᠤᠢ᠂ ᠴᠡᠷᠢᠭ ᠠᠩᠭᠢ ᠳᠤ ᠪᠣᠯᠣᠳ ᠲᠡᠮᠦᠷ ᠤᠨ ᠵᠣᠷᠢᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠵᠤ᠂ | ᠨᠤᠲᠤᠭ ᠳᠠᠭᠠᠨ ᠬᠠᠷᠢᠭᠰᠠᠨ ᠤ ᠳᠠᠷᠠᠭ᠎ᠠ ᠪᠠᠰᠠ ᠭᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ︽ | ᠴᠡᠷᠢᠭ ᠠᠴᠠ ᠬᠠᠯᠠᠭᠳᠠᠭᠰᠠᠳ ᠤᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ︾ ᠭᠦᠨ ᠠᠭᠤᠯᠤᠭᠳᠠᠬᠤᠨ ᠢ | ᠲᠠᠶᠢᠯᠪᠤᠷᠢᠯᠠᠪᠠ᠂ ᠲᠡᠷᠡ ᠪᠣᠯ ᠳᠠᠷᠤᠢ ᠯᠢᠦ ᠢᠦᠢ ᠲᠢᠩ ᠪᠣᠯᠤᠨ᠎ᠠ᠃ ᠯᠢᠦ ᠢᠦᠢ ᠲᠢᠩ᠂ 1997 ᠣᠨ ᠳᠤ | ᠲᠥᠷᠥᠵᠡᠢ᠂ 2018 ᠣᠨ ᠳᠤ ᠲᠡᠷᠡ ᠡᠬᠡ ᠣᠷᠣᠨ ᠳᠠᠭᠠᠨ ᠬᠠᠶᠢᠷᠠᠲᠠᠢ ᠪᠠᠶᠢᠬᠤ ᠪᠠ ᠴᠡᠷᠢᠭ ᠤᠨ ᠬᠤᠸᠠᠷᠠᠨ ᠳᠠᠬᠢ | ᠬᠦᠰᠡᠯ ᠡᠷᠡᠮᠡᠯᠵᠡᠯ ᠢ ᠡᠪᠦᠷᠯᠡᠨ᠂ ᠴᠡᠷᠢᠭ ᠲᠤ ᠣᠷᠣᠬᠤ ᠵᠠᠮ ᠳᠠᠭᠠᠨ ᠣᠷᠣᠯ᠎ᠠ᠃ ᠴᠡᠷᠢᠭ ᠠᠩᠭᠢ ᠶᠢᠨ ᠬᠡᠳᠦᠨ | ᠵᠢᠯ ᠳᠤ ᠲᠡᠷᠡ ᠲᠤᠭ᠎ᠠ ᠲᠣᠮᠰᠢ ᠦᠭᠡᠢ ᠥᠷᠢᠰᠥᠯᠳᠦᠭᠡᠨ ᠪᠠ ᠳᠠᠪᠲᠠᠯᠲᠠ ᠶᠢ ᠥᠩᠭᠡᠷᠡᠭᠡᠵᠦ᠂ ᠡᠩ ᠤᠨ ᠨᠢᠭᠡᠨ | ᠰᠢᠨ᠎ᠡ ᠴᠡᠷᠢᠭ ᠠᠴᠠ ᠰᠢᠯᠢᠳᠡᠭ ᠪᠠᠶᠢᠯᠳᠤᠭᠴᠢ ᠪᠣᠯᠵᠣ ᠦᠰᠦᠨ ᠪᠤᠶᠢᠵᠢᠵᠤ᠂ ᠬᠠᠯᠠᠭᠤᠨ ᠨᠠᠷᠠᠨ ᠢᠶᠠᠷ ᠪᠠᠶᠢᠯᠳᠤᠬᠤ | ᠠᠷᠭ᠎ᠠ ᠶᠢᠨ ᠪᠣᠯᠪᠠᠰᠤᠷᠠᠯ ᠭᠡᠰᠡᠨ ᠦᠭᠡᠢ᠂ ᠡᠰᠡᠬᠦᠯ᠎ᠡ ᠬᠠᠬᠢᠷ ᠬᠦᠢᠲᠡᠨ ᠰᠠᠯᠬᠢ ᠳᠤᠮᠳᠠ ᠠᠵᠢᠯ ᠤᠨ ᠪᠠᠶᠢᠷᠢ | ᠵᠢᠵᠢᠭᠦᠷᠯᠡᠵᠦ ᠪᠠᠶᠢᠭᠰᠠᠨ ᠴᠤ ᠯᠢᠦ ᠢᠦᠢ ᠲᠢᠩ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ | ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ | 2020 ᠣᠨ ᠳᠤ᠂ ᠯᠢᠦ ᠢᠦᠢ ᠲᠢᠩ ᠴᠡᠷᠢᠭ ᠤᠨ ᠠᠯᠪᠠᠨ ᠠᠴᠠ ᠪᠠᠭᠤᠵᠤ᠂ ᠨᠤᠲᠤᠭ ᠤᠰᠤᠨ ᠳᠠᠭᠠᠨ ᠭᠦᠨ | ᠵᠤᠵᠠᠭᠠᠨ ᠬᠠᠶᠢᠷ᠎ᠠ ᠳᠤᠷᠠᠯᠠᠯ ᠪᠠ ᠢᠷᠡᠭᠡᠳᠦᠢ ᠶᠢᠨ ᠲᠤᠬᠠᠢ ᠰᠠᠶᠢᠨ ᠰᠠᠶᠢᠬᠠᠨ ᠬᠦᠰᠡᠯ ᠡᠷᠡᠮᠡᠯᠵᠡᠯ ᠲᠠᠢ ᠪᠠᠶᠢᠵᠤ᠂ | ᠲᠡᠷᠡ ᠬᠣ᠋ ᠵᠢᠢ ᠲᠤ ᠲᠣᠰᠬᠤᠨ ᠤ ᠨᠠᠮ ᠤᠨ ᠬᠤᠷᠢᠶ᠎ᠠ ᠳᠤ ᠪᠤᠴᠠᠵᠤ ᠢᠷᠡᠪᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠤᠨ ᠬᠥᠭᠵᠢᠯᠲᠡ ᠪᠠ ᠴᠢᠳᠠᠪᠤᠷᠢᠲᠠᠨ ᠤ ᠲᠤᠯᠭᠠᠭᠤᠷᠢᠯᠠᠯ ᠠᠴᠠ | ᠰᠠᠯᠵᠤ ᠴᠢᠳᠠᠬᠤ ᠦᠭᠡᠢ᠂ ᠯᠢᠦ ᠢᠦᠢ ᠲᠢᠩ ᠥᠪᠡᠷ ᠤᠨ ᠴᠡᠷᠢᠭ ᠠᠩᠭᠢ ᠳᠠᠭᠠᠨ ᠰᠤᠷᠤᠯᠴᠠᠵᠤ ᠣᠯᠤᠭᠰᠠᠨ | ᠮᠡᠳᠡᠯᠭᠡ ᠪᠠ ᠤᠷ᠎ᠠ ᠴᠢᠳᠠᠪᠤᠷᠢ ᠪᠠᠨ ᠠᠰᠢᠭᠯᠠᠵᠤ᠂ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠠᠷᠠᠳ ᠣᠯᠠᠨ ᠳᠤ ᠦᠢᠯᠡᠴᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠭᠰᠡᠨ ᠠᠭᠤᠤ ᠶᠡᠭᠡ ᠦᠢᠯᠡᠰ ᠲᠤ ᠡᠷᠡᠰ ᠰᠢᠭᠤᠷᠬᠠᠢ ᠪᠠᠷ ᠣᠷᠣᠯᠴᠠᠪᠠ᠃ ᠲᠣᠰᠬᠤᠨ ᠤ ᠠᠷᠠᠳ ᠤᠨ | ᠵᠥᠪᠯᠡᠯ ᠤᠨ ᠲᠤᠰᠢᠶᠠᠯ ᠡᠭᠦᠷᠭᠡᠯᠡᠬᠦ ᠬᠤᠭᠤᠴᠠᠭᠠᠨ ᠳᠤ᠂ ᠯᠢᠦ ᠢᠦᠢ ᠲᠢᠩ ᠲᠣᠰᠬᠤᠨ ᠤ ᠠᠷᠠᠳ ᠤᠨ | ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠴᠠᠭ ᠢᠮᠠᠭᠲᠠ ᠠᠩᠬᠠᠷᠴᠤ᠂ ᠲᠣᠰᠬᠤᠨ ᠤ ᠨᠡᠶᠢᠲᠡ ᠶᠢᠨ | ᠠᠰᠠᠷᠠᠮᠵᠢ ᠶᠢᠨ ᠦᠢᠯᠡᠰ ᠲᠤ ᠢᠳᠡᠪᠬᠢᠲᠡᠢ ᠣᠷᠣᠯᠴᠠᠵᠤ᠂ ᠬᠦᠴᠢᠷᠳᠡᠯᠲᠡᠢ ᠣᠯᠠᠨ ᠲᠦᠮᠡᠨ ᠳᠤ ᠵᠣᠭᠤᠰ ᠮᠥᠩᠭᠦ | ᠡᠳ᠋ ᠪᠣᠳᠠᠰ ᠬᠠᠨᠳᠢᠪᠯᠠᠵᠤ᠂ ᠲᠡᠳᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠴᠡᠢ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠲᠡᠷᠡ ᠨᠡᠩ ᠴᠤ ᠡᠮᠦᠨ᠎ᠡ ᠨᠢ ᠭᠠᠪᠰᠢᠭᠠᠶᠢᠯᠠᠵᠤ᠂ | ᠰᠠᠨᠠᠭᠠᠴᠢᠯᠠᠭ᠎ᠠ ᠠᠴᠠ ᠪᠠᠨ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ | ᠠᠵᠢᠯᠯᠠᠭᠴᠢ ᠶᠢᠨ ᠲᠤᠰᠢᠶᠠᠯ ᠢ ᠡᠭᠦᠷᠭᠡᠯᠡᠵᠦ᠂ ᠡᠷᠦᠬᠡ ᠳᠠᠷᠠᠭᠠᠯᠠᠨ ᠵᠢᠭᠰᠠᠭᠠᠨ ᠪᠠᠶᠢᠴᠠᠭᠠᠵᠤ ᠪᠦᠷᠢᠳᠬᠡᠵᠦ᠂ | ᠬᠢᠵᠢᠭ ᠢ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠪᠡᠶ᠎ᠡ ᠶᠢᠨ ᠳᠤᠯᠠᠭᠠᠨ ᠢ ᠬᠡᠮᠵᠢᠵᠦ᠂ ᠲᠣᠰᠬᠤᠨ ᠤ ᠠᠷᠠᠳ ᠤᠨ | ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠳᠤ ᠥᠪᠡᠷ ᠤᠨ | ᠬᠦᠴᠦᠨ ᠴᠢᠳᠠᠯ ᠢᠶᠠᠨ ᠡᠷᠭᠦᠵᠦ᠂ ᠪᠣᠳᠠᠲᠤ ᠠᠵᠢᠯᠯᠠᠭ᠎ᠠ ᠪᠠᠷ ᠢᠶᠠᠨ ᠴᠡᠷᠢᠭ ᠠᠴᠠ ᠬᠠᠯᠠᠭᠳᠠᠭᠰᠠᠳ ᠤᠨ | ᠬᠠᠷᠢᠭᠤᠴᠠᠯᠭ᠎ᠠ ᠪᠣᠯᠤᠨ ᠡᠭᠦᠷᠭᠡᠯᠡᠯ ᠢ ᠲᠠᠶᠢᠯᠪᠤᠷᠢᠯᠠᠪᠠ᠃ |